ᠵᠤᠬᠢᠶᠠᠭᠴᠢ:
ᠴᠠᠭ:2020-07-22
ᠥᠵᠡᠭᠰᠡᠨ : ℃
ᠢᠷᠡᠯᠲᠡ:
ᠮᠠᠨ ᠤ ᠤᠯᠤᠰ ᠤᠨ ᠮᠤᠩᠭᠤᠯ ᠢᠶᠠᠷ ᠪᠢᠴᠢᠭᠳᠡᠭᠰᠡᠨ ᠲᠤᠰᠬᠠᠢ ᠮᠡᠷᠭᠡᠵᠢᠯ ᠤᠨ ᠤᠢᠢᠯᠠᠯᠭ᠎ᠠ ᠦᠭᠡᠢ ᠪᠠᠶᠢᠬᠰᠡᠨ ᠬᠤᠭᠤᠰᠤᠨ ᠢ ᠨᠦᠬᠦᠪᠦᠷᠢᠯᠡᠵᠦ — 200 ᠰᠢᠬᠠᠮ ᠲᠦᠮᠡᠨ ᠦᠰᠦᠭ ᠲᠠᠢ ᠮᠤᠩᠭᠤᠯ ᠦᠭᠡ ᠬᠡᠯᠡ ᠦᠰᠦᠭ ᠪᠢᠴᠢᠭ ᠤᠨ ᠤᠶᠢᠯᠠᠯᠭ᠎ᠠ ᠨᠤᠤᠷᠠᠭ ᠲᠤᠰᠬᠠᠢ ᠮᠡᠷᠭ
2020 7 ᠰᠠᠷ᠎ᠠ ᠶᠢᠨ 22 ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠤᠨ ᠨᠤᠳᠤᠭ ᠤᠨ ᠤᠢᠢᠯᠠᠯᠭ᠎ᠠ ᠶᠢᠨ ᠠᠯᠪᠠᠨ ᠭᠡᠷ ᠬᠠᠮᠳᠤᠷᠡᠨ ᠬᠢᠨᠠᠨ ᠲᠤᠬᠳᠠᠭᠠᠬᠤ ᠬᠤᠷᠡᠯ ᠬᠤᠷᠠᠯᠳᠤᠭᠤᠯᠵᠦ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠣᠶᠢᠯᠠᠯᠭ᠎ᠠ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠣᠶᠢᠯᠠᠯᠭ᠎ᠠ ᠨᠤᠤᠷᠠᠭ ᠶᠢ ᠲᠤᠰᠬᠠᠢ ᠮᠡᠷᠭᠡᠵᠢᠯᠳᠡᠳ ᠢᠶᠠᠷ ᠬᠢᠨᠠᠨ ᠲᠤᠬᠳᠠᠭᠠᠯᠳᠠ ᠬᠢᠯᠭᠡᠵᠦ ᠪᠠᠳᠤᠯᠠᠭᠤᠯᠦᠬᠰᠡᠨ ᠪᠠᠶᠢᠨ᠎ᠠ᠃ ᠡᠨᠡ ᠬᠦ ᠤᠢᠢᠯᠠᠯᠭ᠎ᠠ ᠨᠢ ᠮᠠᠨ ᠤ ᠤᠯᠤᠰ ᠤᠨ ᠮᠤᠩᠭᠤᠯ ᠬᠡᠯᠡ ᠪᠠᠷ ᠢᠶᠠᠨ ᠪᠢᠴᠢᠭᠳᠡᠭᠰᠡᠨ ᠲᠤᠰᠬᠠᠢ ᠮᠡᠷᠭᠡᠵᠢᠯ ᠤᠨ ᠤᠢᠢᠯᠠᠯᠭ᠎ᠠ ᠦᠭᠡᠢ ᠪᠠᠶᠢᠬᠰᠡᠨ ᠬᠤᠭᠤᠰᠤᠨ ᠢ ᠨᠦᠬᠦᠪᠦᠷᠢᠯᠡᠭᠰᠡᠨ ᠪᠦᠳᠦᠭᠡᠯ ᠪᠤᠯᠬᠤ ᠪᠦᠭᠡᠳ ᠮᠠᠨ ᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ 70 ᠭᠠᠷᠤᠢ ᠵᠢᠯ ᠤᠨ ᠲᠡᠤᠭᠡ ᠶᠢ ᠪᠦᠬᠦ ᠲᠠᠯ᠎ᠠ ᠪᠠᠷ᠂ ᠲᠠᠰ ᠲᠠᠷᠠᠭᠠᠯᠠᠯ ᠲᠠᠢ᠂ ᠰᠢᠨᠵᠢᠯᠡᠬᠦ ᠤᠬᠠᠭᠠᠨᠴᠢ᠂ ᠦᠨᠡᠨ ᠪᠤᠳᠠᠳᠠᠢ ᠪᠦᠭᠡᠳ ᠰᠢᠰᠲ᠋ᠧᠮ ᠲᠠᠢ ᠳ᠋ᠦᠡᠭᠨᠡᠭᠰᠡᠨ ᠲᠤᠮᠤᠬᠠᠨ ᠪᠦᠳᠦᠭᠡᠯ ᠪᠤᠯᠤᠨ᠎ᠠ᠃
ᠮᠣᠩᠭᠤᠯ ᠦᠭᠡ ᠬᠡᠯᠡ ᠦᠰᠦᠭ ᠪᠢᠴᠢᠭ ᠤᠨ ᠣᠶᠢᠯᠠᠯᠭ᠎ᠠ ᠪᠤᠯ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠣᠶᠢᠯᠠᠯᠭ᠎ᠠ ᠶᠢᠨ ᠬᠤᠶᠡᠳᠤᠭᠠᠷ ᠡᠭᠡᠯᠵᠢ ᠶᠢᠨ 76 ᠲᠤᠰᠬᠠᠢ ᠮᠡᠷᠭᠡᠵᠢᠯ ᠤᠨ ᠤᠢᠢᠯᠠᠯᠭ᠎ᠠ ᠶᠢᠨ ᠴᠤᠷ ᠤᠨ ᠭᠠᠭᠴᠠ ᠮᠤᠩᠭᠤᠯ ᠢᠶᠠᠷ ᠨᠠᠶᠢᠷᠠᠭᠤᠯᠤᠨ ᠬᠡᠪᠯᠡᠬᠦᠯᠬᠦ ᠪᠠᠷ ᠪᠠᠶᠢᠭ᠎ᠠ ᠤᠢᠢᠯᠠᠯᠭ᠎ᠠ ᠶᠤᠮ᠃ ᠲᠤᠰ ᠤᠢᠢᠯᠠᠯᠭ᠎ᠠ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠠᠭᠠᠭᠠᠴᠢᠯᠡᠨ ᠬᠢᠵᠦ ᠪᠠᠶᠢᠭ᠎ᠠ ᠪᠦᠭᠡᠳ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠲᠦᠮᠠᠨᠵᠢᠷᠭᠠᠯ ᠫᠷᠤᠹᠧᠰᠰᠤᠷ ᠶᠡᠷᠦᠩᠬᠡᠢ ᠨᠠᠶᠢᠷᠠᠭᠤᠯᠤᠬᠴᠢ ᠶᠢᠨ ᠡᠬᠦᠷᠭᠡ ᠶᠢ ᠡᠬᠦᠷᠭᠡᠯᠡᠵᠦ ᠪᠠᠶᠢᠨ᠎ᠠ᠃ ᠣᠶᠢᠯᠠᠯᠭ᠎ᠠ ᠶᠢᠨ ᠪᠡᠯᠡᠳᠭᠡᠯ ᠠᠵᠢᠯ 2014 ᠣᠨ ᠤ ᠰᠡᠭᠦᠯᠴᠢ ᠪᠠᠷ ᠡᠬᠢᠯᠡᠵᠦ᠂ 2016 ᠣᠨ ᠠᠴᠠ ᠵᠢᠩᠭᠢᠨᠢ ᠪᠠᠷ ᠨᠠᠶᠢᠷᠠᠭᠤᠯᠤᠨ ᠪᠢᠴᠢᠵᠦ ᠡᠬᠢᠯᠡᠭᠰᠡᠨ ᠪᠦᠭᠡᠳ ᠡᠨᠡ ᠵᠢᠯ ᠤᠨ 5 ᠰᠠᠷ᠎ᠠ ᠶᠢᠨ ᠳᠤᠮᠳᠠᠴᠢ ᠪᠠᠷ ᠬᠢᠨᠠᠯᠲᠠ ᠳᠤ ᠲᠤᠰᠢᠶᠠᠵᠠᠢ᠃
ᠤᠢᠢᠯᠠᠭᠠᠬᠰᠡᠨ ᠢᠶᠠᠷ᠂ ᠪᠦᠬᠦ ᠣᠶᠢᠯᠠᠯᠭ᠎ᠠ ᠪᠠᠷᠤᠭ 200 ᠰᠢᠬᠠᠮ ᠲᠦᠮᠡᠨ ᠦᠰᠦᠭ ᠲᠠᠢ ᠪᠦᠭᠡᠳ 1947 ᠣᠨ ᠠᠴᠠ 2017 ᠣᠨ ᠤ ᠡᠬᠢ ᠪᠣᠯᠲᠠᠯᠠᠬᠢ ᠦᠪᠦᠷ ᠮᠣᠩᠭᠤᠯ ᠤᠨ ᠦᠪᠡᠷᠳᠡᠭᠡᠨ ᠵᠠᠰᠬᠠᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠲᠠᠢ ᠬᠤᠯᠪᠤᠭᠳᠠᠯ ᠪᠦᠬᠦᠢ ᠬᠡᠷᠡᠭ ᠤᠴᠢᠷ᠂ ᠦᠢᠯᠡ ᠠᠵᠢᠯᠯᠠᠭ᠎ᠠ ᠶᠢ ᠰᠢᠰᠲ᠋ᠧᠮ ᠲᠠᠢ ᠳᠡᠮᠳᠡᠭᠯᠡᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠮᠢᠶᠠᠷᠤᠯᠳᠠ ᠪᠠ ᠲᠦᠷᠢᠮᠵᠢᠬᠦᠯᠤᠯ ᠂ ᠮᠤᠩᠭᠤᠯ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠂ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡ ᠂ ᠮᠤᠩᠭᠤᠯ ᠦᠭᠡ ᠬᠡᠯᠡ ᠦᠰᠦᠭ ᠪᠢᠴᠢᠭ ᠤᠨ ᠰᠤᠳᠤᠯᠭᠠᠨ ᠂ ᠤᠷᠴᠢᠭᠤᠯᠭ᠎ᠠ ᠪᠠ ᠬᠠᠮᠵᠢᠯᠴᠠᠭ᠎ᠠ ᠂ ᠮᠤᠩᠭᠤᠯ ᠦᠭᠡ ᠬᠡᠯᠡ ᠦᠰᠦᠭ ᠪᠢᠴᠢᠭ ᠤᠨ ᠤᠳᠦ ᠦᠶ᠎ᠠ ᠶᠢᠨ ᠡᠷᠳᠡᠮᠳᠡᠳ ᠂ ᠲᠤᠮᠤ ᠬᠡᠷᠡᠭ ᠶᠠᠪᠤᠳᠠᠯ ᠤᠨ ᠬᠡᠯᠬᠢᠶᠡᠰᠦ ᠵᠡᠷᠭᠡ 7 ᠭᠤᠤᠯ ᠬᠡᠰᠡᠭ ᠢᠶᠠᠷ ᠪᠦᠷᠢᠯᠳᠤᠵᠠᠢ᠃ ᠲᠠᠷᠤᠢ ᠠᠭᠤᠯᠭ᠎ᠠ ᠶᠢᠨ ᠬᠤᠪᠢ ᠳᠤ᠂ ᠭᠤᠣᠯᠳᠠᠭᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠦᠷᠦ ᠶᠢᠨ ᠪᠣᠳᠤᠯᠭ᠎ᠠ ᠪᠠ ᠬᠠᠮᠢᠶᠠᠷᠤᠯᠲᠠ᠂ ᠰᠤᠷᠤᠯᠴᠠᠯᠭ᠎ᠠ᠂ ᠬᠡᠷᠡᠭᠯᠡᠭᠡ᠂ ᠰᠤᠳᠤᠯᠭ᠎ᠠ᠂ ᠣᠷᠴᠢᠭᠤᠯᠭ᠎ᠠ᠂ ᠬᠠᠮᠵᠢᠯᠴᠠᠭ᠎ᠠ᠂ ᠤᠯᠠᠮᠵᠢᠯᠠᠨ ᠬᠠᠮᠠᠭᠠᠯᠠᠵᠤ ᠲᠡᠯᠭᠡᠷᠡᠬᠦᠯᠤᠨ ᠬᠦᠭᠵᠢᠬᠦᠯᠬᠦ ᠵᠡᠷᠭᠡ ᠠᠭᠤᠯᠭ᠎ᠠ ᠪᠠᠶᠢᠳᠠᠭ᠃ ᠡᠬᠦᠨ ᠳᠤ ᠵᠠᠰᠠᠭ ᠵᠠᠬᠢᠷᠭ᠎ᠠ᠂ ᠬᠠᠤᠯᠢ ᠴᠠᠭᠠᠵᠠ᠂ ᠰᠤᠷᠭᠠᠨ ᠬᠦᠮᠦᠵᠢᠯ᠂ ᠰᠣᠶᠤᠯ ᠤᠷᠠᠯᠢᠭ᠂ ᠷᠠᠳᠢᠣ᠋ ᠲᠧᠯᠸᠢᠰ᠂ ᠨᠣᠮ ᠬᠡᠪᠯᠡᠯ᠂ ᠰᠣᠨᠢᠨ ᠰᠡᠳᠭᠦᠯ᠂ ᠡᠷᠳᠡᠮ ᠰᠢᠨᠵᠢᠯᠡᠭᠡ᠂ ᠣᠷᠴᠢᠭᠤᠯᠭ᠎ᠠ᠂ ᠬᠠᠮᠵᠢᠯᠴᠠᠭ᠎ᠠ᠂ ᠤᠳᠬ᠎ᠠ ᠵᠣᠬᠢᠶᠠᠯ ᠵᠡᠷᠭᠡ ᠬᠦᠷᠢᠶ᠎ᠡ ᠬᠡᠪᠴᠢᠶᠡᠨ ᠳᠠᠬᠢ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠤᠯᠭ᠎ᠠ᠂ ᠬᠠᠮᠢᠶᠠᠷᠤᠯᠲᠠ᠂ ᠳᠦᠷᠢᠮᠵᠢᠯ᠂ ᠪᠠᠷᠢᠮᠵᠢᠶᠠᠵᠢᠯ᠂ ᠮᠡᠳᠡᠭᠡ ᠵᠠᠩᠭᠢᠵᠢᠯᠲᠠ ᠵᠡᠷᠭᠡ ᠤᠯᠠᠨ ᠲᠠᠯ᠎ᠠ ᠶᠢ ᠪᠠᠭᠳᠠᠭᠠᠪᠠ᠃
ᠤᠢᠢᠯᠠᠯᠭ᠎ᠠ ᠨᠢ ᠨᠠᠮ ᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠬᠢᠭᠡᠳ ᠦᠨᠳᠤᠰᠤᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠠᠮᠵᠢᠯᠳᠠ ᠶᠢ ᠪᠦᠬᠦ ᠲᠠᠯ᠎ᠠ ᠪᠠᠷ ᠲᠤᠰᠬᠠᠬᠰᠨᠨ ᠪᠦᠭᠡᠳ ᠬᠠᠮᠤᠷᠦᠬᠰᠡᠨ ᠴᠠᠭ ᠤᠷᠳᠦ᠂ ᠠᠭᠤᠯᠭ᠎ᠠ ᠪᠦᠷᠢᠨ᠂ ᠨᠠᠶᠢᠷᠠᠭᠤᠯᠭ᠎ᠠ ᠵᠤᠬᠢᠮᠵᠢᠳᠠᠢ ᠮᠦᠷᠳᠡᠭᠡᠨ ᠪᠦᠷᠢᠨ ᠪᠦᠲᠦᠨ ᠰᠢᠰᠲ᠋ᠧᠮᠴᠢ ᠰᠢᠨᠵᠢᠳᠠᠢ᠂ ᠦᠵᠡᠯ ᠰᠠᠨᠠᠭᠠᠴᠢ ᠰᠢᠨᠵᠢᠳᠠᠢ᠂ ᠰᠢᠨᠵᠢᠯᠡᠬᠦ ᠤᠬᠠᠭᠠᠨᠴᠢ ᠰᠢᠨᠵᠢᠳᠠᠢ ᠪᠤᠯᠤᠬᠰᠡᠨ ᠪᠦᠭᠡᠳ ᠮᠤᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡ ᠪᠠ ᠨᠡᠶᠢᠭᠡᠮ ᠤᠨ ᠬᠡᠷᠡᠭᠯᠡᠭᠡᠨ ᠳᠤ ᠭᠠᠷ ᠠᠪᠤᠯᠭ᠎ᠠ ᠪᠦᠬᠦᠢ ᠮᠠᠲᠧᠷᠢᠶᠡᠯ ᠬᠠᠨᠭ᠍ᠭᠠᠬᠤ ᠪᠤᠯᠤᠨ᠎ᠠ ᠬᠡᠵᠦ ᠲᠤᠰᠬᠠᠢ ᠮᠡᠷᠭᠡᠵᠢᠯᠳᠡᠳ ᠰᠠᠨᠠᠯ ᠨᠢᠭᠡᠳᠠᠢ ᠦᠵᠡᠵᠡᠭᠡᠵᠠᠢ᠃