ᠵᠤᠬᠢᠶᠠᠭᠴᠢ:
ᠴᠠᠭ:2020-07-03
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠥ ᠲᠠᠷᠠᠭᠠᠴᠢ ᠶᠢᠨ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠣᠳᠣᠯᠣᠨ ᠪᠠᠶᠢᠷᠢᠯᠠᠭᠤᠯᠪᠠ ᠱᠢ
ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠥ ᠲᠠᠷᠠᠭᠠᠴᠢ ᠶᠢᠨ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠣᠳᠣᠯᠣᠨ ᠪᠠᠶᠢᠷᠢᠯᠠᠭᠤᠯᠪᠠ ᠱᠢ ᠲᠠᠢ ᠹᠧᠩ ᠬᠤᠷᠠᠯ ᠢ ᠡᠷᠬᠢᠯᠡᠵᠦ ᠪᠦ᠋ ᠰᠢᠶᠤᠤ ᠯᠢᠨ ᠣᠷᠣᠯᠴᠠᠵᠠᠢ
2020 6 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ 2020 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ ᠯᠢᠨ ᠱᠣᠤ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠯᠢ ᠪᠢᠩ ᠷᠦᠩ ᠬᠤᠷᠠᠯ ᠳᠤ ᠣᠷᠣᠯᠴᠠᠵᠠᠶ᠃
ᠬᠤᠷᠠᠯ ᠠᠴᠠ 《2019 ᠣᠨ ᠤ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ (ᠵᠠᠬᠢᠷᠭ᠎ᠠ) ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠮᠵᠢ ᠶᠢᠨ ᠬᠢᠨᠠᠨ ᠰᠢᠯᠭᠠᠬᠤ ᠠᠵᠢᠯ ᠤᠨ ᠮᠡᠳᠡᠭᠦᠯᠦᠯᠲᠡ》 《2019 ᠣᠨ ᠤ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠤᠨ ᠬᠢᠨᠠᠨ ᠰᠢᠯᠭᠠᠬᠤ ᠠᠵᠢᠯ ᠤᠨ ᠮᠡᠳᠡᠭᠦᠯᠦᠯᠲᠡ》 《2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠲᠦᠮᠵᠢ ᠶᠢᠨ ᠬᠢᠨᠠᠨ ᠰᠢᠯᠭᠠᠬᠤ ᠠᠵᠢᠯ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ》 《ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠳ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ》 ᠶᠢ ᠬᠢᠨᠠᠨ ᠵᠥᠪᠯᠡᠵᠦ ᠪᠠᠲᠤᠯᠠᠪᠠ᠃
ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠣᠯ ᠡᠨᠡ ᠵᠢᠯ ᠤᠨ ᠡᠷᠬᠡᠪᠰᠢ ᠪᠡᠶᠡᠯᠡᠭᠦᠯᠬᠦ ᠬᠠᠲᠠᠭᠤ ᠡᠭᠦᠷᠭᠡ ᠮᠥᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠥ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠪᠠᠭᠤᠷᠠᠭᠤᠯᠬᠤ ᠥᠬᠡᠶ᠂ ᠪᠣᠭᠤᠮᠲᠠ ᠰᠢᠪᠲᠤᠯᠬᠤ ᠡᠷᠴᠢᠮ ᠢᠶᠠᠨ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠳᠡᠢ᠃ ᠬᠤᠪᠢ ᠬᠥᠮᠦᠨ ᠡᠷᠦᠬᠡ ᠭᠡᠷ ᠤᠨ ᠪᠠᠶᠢᠳᠠᠯ ᠢ ᠦᠨᠳᠦᠰᠦᠯᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 《ᠭᠤᠷᠪᠠ ᠶᠢ ᠪᠠᠲᠤᠯᠠᠬᠤ》ᠪᠠ ᠤᠰᠤ ᠤᠮᠳᠠ ᠶᠢᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠦᠯᠡᠳᠡᠭᠰᠡᠨ ᠰᠡᠭᠦᠯ ᠬᠤᠷᠢᠶᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ᠃ ᠭᠠᠳᠠᠭᠰᠢ ᠭᠠᠷᠴᠤ ᠬᠦᠴᠦᠨ ᠤ ᠠᠵᠢᠯ ᠬᠢᠵᠤ ᠠᠵᠢᠯ ᠣᠯᠬᠤ ᠪᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠶᠡᠭᠡ ᠪᠠᠷ ᠠᠬᠢᠭᠤᠯᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠢᠯᠡᠭᠦᠦ ᠡᠳ᠋ᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃
ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠴᠦᠰ ᠤᠨ ᠱᠠᠲᠤᠨ ᠳᠤ ᠬᠦᠷᠬᠦ ᠲᠤᠲᠤᠮ ᠲᠣᠭᠲᠠᠯ ᠬᠦᠴᠦᠨ ᠢᠶᠠᠨ ᠤᠯᠠᠮ ᠢᠯᠡᠭᠦᠦ ᠪᠠᠲᠤᠯᠠᠬᠤ ᠬᠡᠷᠡᠭᠳᠡᠢ᠂ ᠡᠯ᠎ᠡ ᠱᠠᠲᠤᠨ ᠤ ᠺᠠᠳ᠋ᠷᠴᠤᠳ ᠡᠷᠬᠡᠪᠰᠢ ᠤᠶᠤᠨ ᠰᠠᠨᠠᠭᠠᠨ ᠤ ᠲᠠᠯ᠎ᠠ ᠪᠠᠷ ᠨᠠᠵᠠᠭᠠᠢᠢᠷᠠᠨ ᠴᠠᠯᠠᠭᠠᠶᠢᠷᠠᠬᠤ᠂ ᠣᠪᠣᠷ ᠰᠤᠷᠲᠠᠯ ᠤᠨ ᠲᠠᠯ᠎ᠠ ᠪᠠᠷ ᠬᠦᠭᠰᠡᠵᠦ ᠬᠦᠭᠡᠷᠬᠦ ᠶᠢ ᠴᠠᠭ ᠢᠮᠠᠭᠲᠠ ᠰᠡᠷᠭᠡᠶᠢᠯᠡᠵᠦ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠵᠥ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠨᠢᠭᠡ ᠯᠡ ᠠᠮᠢᠰᠬᠤᠭ᠎ᠠ ᠪᠠᠷ ᠲᠡᠮᠡᠴᠡᠨ ᠤᠯᠬᠤ ᠬᠡᠷᠡᠭᠳᠡᠢ᠃ ᠤᠨᠤᠴᠠᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠣᠳᠠᠲᠠᠶ ᠶᠢ ᠡᠷᠬᠢᠮᠯᠡᠨ ᠠᠬᠢᠭᠤᠯᠵᠤ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠶᠠᠰᠤ ᠴᠢᠨᠠᠷ ᠢ ᠨᠥᠯᠥᠭᠡᠯᠡᠬᠦ ᠦᠭᠡᠢ ᠮᠥᠷᠲᠡᠭᠡᠨ ᠪᠠᠷᠢᠮᠵᠢᠶ᠎ᠠ ᠪᠠᠨ ᠦᠨᠳᠦᠷ ᠪᠤᠯᠭᠠᠬᠤ ᠦᠭᠡᠢ᠂ ᠬᠠᠷᠠᠯᠳᠠ ᠪᠠᠨ ᠦᠨᠳᠦᠷ ᠪᠤᠯᠭᠠᠬᠤ ᠦᠭᠡᠢ ᠪᠠᠶᠢᠵᠤ᠂ ᠵᠢᠩᠬᠢᠨᠢ ᠶᠠᠳᠠᠭᠤ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠦᠨᠡᠨ ᠬᠦ ᠠᠩᠭᠢᠵᠢᠷᠠᠭᠤᠯᠬᠤ ᠶᠢ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃