ᠵᠤᠬᠢᠶᠠᠭᠴᠢ:
ᠴᠠᠭ:2020-06-30
ᠥᠵᠡᠭᠰᠡᠨ : ℃
ᠢᠷᠡᠯᠲᠡ:
ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠥᠷᠨᠢᠭᠦᠯᠵᠦ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ

2020 6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠤ ᠪᠠᠶᠢᠴᠠᠭᠠᠨ ᠰᠤᠳᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠂ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠥ ᠴᠢᠬᠤᠯᠠᠴᠢᠯᠠᠪᠠ᠃
ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠭᠡᠷᠡᠯ ᠵᠢᠷᠤᠭ ᠳᠦᠷᠰᠦ ᠰᠢᠩᠭᠡᠭᠡᠯᠳᠡ᠂ ᠡᠬᠡ ᠳᠠᠩᠰᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠦᠵᠡᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠳᠠ ᠲᠠᠯᠪᠢᠯᠳᠠ᠂ ᠨᠠᠮ ᠤᠨ ᠪᠠᠶᠢᠭᠤᠯᠤᠯᠲᠠ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠤᠭ᠎ᠠ ᠪᠦᠷᠢᠳᠬᠡᠯ ᠤᠨ ᠠᠵᠢᠯ ᠤᠨ ᠬᠦᠭᠵᠢᠯᠳᠡ ᠬᠤᠪᠢᠷᠠᠯᠳᠠ ᠶᠢᠨ ᠲᠡᠤᠬᠡᠨ ᠠᠬᠢᠴᠠ ᠶᠢ ᠲᠤᠬᠠᠶ ᠶᠢᠨ ᠲᠠᠯᠠᠪᠠᠢ ᠳᠤ ᠰᠣᠨᠣᠰᠴᠤ᠂ ᠲᠤᠭ᠎ᠠ ᠪᠦᠷᠢᠳᠬᠡᠯ ᠤᠨ ᠰᠣᠶᠣᠯ ᠢ ᠪᠡᠶᠡᠴᠢᠯᠡᠨ ᠦᠢᠯᠠᠭᠠᠪᠠ᠃ ᠲᠡᠷᠡ ᠪᠠᠰᠠ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠡᠯᠧᠺᠲᠷᠣᠨ ᠡᠬᠡ ᠲᠠᠩᠰᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠪᠠᠶᠢᠴᠠᠭᠠᠯᠳᠠ ᠵᠡᠷᠭᠡ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
ᠪᠦ᠋ ᠰᠢᠶᠤᠤ ᠯᠢᠨ᠂ ᠲᠤᠭ᠎ᠠ ᠪᠦᠷᠢᠳᠬᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠠᠵᠢᠯ ᠮᠥᠨ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢᠨ ᠴᠢᠬᠤᠯᠠ ᠦᠨᠳᠦᠰᠦᠯᠡᠯ ᠮᠥᠨ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ ᠂ ᠲᠤᠭ᠎ᠠ ᠪᠦᠷᠢᠳᠬᠡᠯ ᠤᠨ ᠬᠠᠤᠯᠢ ᠵᠡᠷᠭᠡ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠭ᠎ᠠ ᠪᠦᠷᠢᠳᠬᠡᠯ ᠤᠨ ᠪᠠᠶᠢᠭᠤᠯᠤᠯ ᠢ ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠤᠨ᠂ ᠲᠤᠭ᠎ᠠ ᠪᠦᠷᠢᠳᠬᠡᠯ ᠤᠨ ᠠᠵᠢᠯ ᠤᠨ ᠥᠭᠡᠷᠡᠴᠢᠯᠡᠯᠲᠡ ᠰᠢᠨᠡᠴᠢᠯᠡᠯᠳᠡ ᠶᠢ ᠭᠦᠨᠵᠡᠭᠡᠶ ᠠᠬᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠬᠢᠷᠢ ᠳᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠦᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠬᠢᠬᠦ᠂ ᠬᠠᠤᠯᠢ ᠶᠣᠰᠣᠭᠠᠷ ᠳᠤᠭ᠎ᠠ ᠪᠦᠷᠢᠳᠬᠡᠯ ᠤᠨ ᠠᠵᠢᠯ ᠢ ᠵᠠᠰᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠵᠠᠷᠯᠢᠭ ᠢ ᠵᠠᠪᠠᠯ ᠬᠡᠷᠡᠭᠵᠢᠭᠦᠯᠬᠦ᠂ ᠴᠠᠭᠠᠵᠠ ᠶᠢ ᠵᠠᠪᠠᠯ ᠳᠠᠭᠠᠬᠤ ᠶᠢ ᠪᠡᠶᠡᠯᠡᠬᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠲᠤᠭ᠎ᠠ ᠪᠠᠷᠢᠮᠳᠠ ᠶᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠶᠢ ᠡᠷᠡᠰ ᠰᠡᠷᠭᠡᠶᠢᠯᠡᠨ ᠵᠠᠯᠬᠠᠭᠠᠵᠤ᠂ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠥᠴᠦᠬᠡᠨ ᠴᠤ ᠢᠯᠳᠠᠷ ᠬᠠᠶᠠᠬᠤ ᠦᠭᠡᠶ ᠪᠠᠶᠢᠵᠤ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠵᠠᠪᠠᠯ ᠦᠨᠡᠨ ᠪᠤᠳᠠᠳᠠᠢ ᠪᠠᠶᠢᠴᠠᠭᠠᠬᠤ ᠶᠢ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠳ ᠢ ᠦᠨᠡᠨ ᠬᠦ ᠦᠷᠡᠭᠳᠡᠯ ᠭᠠᠷᠭᠠᠭᠤᠯᠵᠤ᠂ ᠬᠠᠤᠯᠢ ᠶᠢ ᠵᠥᠷᠢᠴᠡᠬᠦ ᠠᠴᠠ ᠡᠮᠢᠶᠡᠬᠦ᠂ ᠬᠠᠤᠯᠢ ᠶᠢ ᠵᠥᠷᠢᠴᠡᠵᠦ ᠪᠣᠯᠬᠤ ᠦᠭᠡᠢ᠂ ᠬᠠᠤᠯᠢ ᠶᠢ ᠵᠥᠷᠢᠴᠡᠬᠦ ᠶᠢ ᠪᠤᠳᠤᠬᠤ ᠦᠭᠡᠢ ᠪᠠᠶᠢᠬᠤ ᠨᠡᠶᠢᠭᠡᠮ ᠤᠨ ᠠᠭᠤᠷ ᠠᠮᠢᠰᠬᠤᠯ ᠪᠤᠢ ᠪᠤᠯᠬᠤ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃
ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃