ᠵᠤᠬᠢᠶᠠᠭᠴᠢ:
ᠴᠠᠭ:2020-06-19
ᠥᠵᠡᠭᠰᠡᠨ : ℃
ᠢᠷᠡᠯᠲᠡ:
ᠤᠯᠠᠭᠠᠨᠬᠠᠳᠠ ᠬᠣᠲᠠ ᠣᠷᠣᠨ ᠨᠤᠲᠤᠭ ᠤᠨ ᠣᠶᠢᠯᠠᠯᠭ᠎ᠠ ᠶᠢᠨ 《 ᠭᠤᠷᠪᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ》 ᠶᠢᠨ ᠡᠭᠦᠷᠭᠡ ᠪᠡᠨ ᠪᠡᠶᠡᠯᠡᠭᠦᠯᠬᠦ ᠶᠢ ᠲᠦᠷᠭᠡᠳᠬᠡᠨ ᠠᠬᠢᠭᠤᠯᠪᠠ
ᠲᠥᠷᠥ ᠶᠢᠨ ᠶᠠᠪᠤᠳᠠᠯ ᠤᠨ ᠬᠣᠷᠢᠶᠠᠨ ᠤ 《ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ (2015 — 2020 ᠣᠨ)》 ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠸᠱᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ ( 2016 — 2020 ᠣᠨ ) 》 ᠤᠨ ᠱᠠᠭᠠᠷᠳᠠᠯᠭ᠎ᠠ ᠶᠢ ᠨᠠᠢᠳᠠᠪᠤᠷᠢᠵᠢᠭᠤᠯᠬᠤ ᠂ ᠪᠦᠬᠦ ᠣᠷᠣᠨ ᠤ ᠬᠣᠶᠠᠳᠤᠭᠠᠷ ᠡᠭᠡᠯᠵᠢ ᠶᠢᠨ ᠭᠤᠷᠪᠠᠨ ᠳᠡᠰ ᠤᠨ ᠣᠷᠣᠨ ᠨᠤᠲᠤᠭ ᠤᠨ ᠣᠶᠢᠯᠠᠯᠭ᠎ᠠ ᠪᠠ ᠣᠷᠣᠨ ᠨᠤᠲᠤᠭ ᠤᠨ ᠶᠡᠷᠦᠩᠬᠡᠶᠢᠯᠡᠭᠰᠡᠨ ᠣᠨ ᠤ ᠣᠢᠯᠠᠪᠤᠷᠢ ᠨᠠᠶᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ ᠂ ᠤᠯᠤᠰ ᠠᠴᠠ ᠪᠠᠶᠢᠷᠢᠯᠠᠭᠤᠯᠤᠭᠰᠠᠨ《 ᠬᠣᠶᠠᠷ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ》 ᠶᠢᠨ ᠡᠭᠦᠷᠭᠡ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ《 ᠭᠤᠷᠪᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ》 ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠵᠠᠶ᠃ ᠤᠯᠠᠭᠠᠨᠬᠠᠳᠠ ᠬᠣᠲᠠ ᠶᠢᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠰᠠᠨᠠᠭᠠᠴᠢᠯᠠᠭ᠎ᠠ ᠠᠴᠠ ᠪᠠᠨ ᠠᠵᠢᠯ ᠬᠢᠵᠦ ᠂ ᠣᠯᠠᠨ ᠠᠷᠭ᠎ᠠ ᠬᠡᠮᠵᠢᠶ᠎ᠡ ᠠᠪᠴᠤ ᠂ ᠲᠥᠷᠥ ᠶᠢᠨ ᠶᠠᠪᠤᠳᠠᠯ ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠣᠶᠠᠳᠤᠭᠠᠷ ᠡᠭᠡᠯᠵᠢ ᠶᠢᠨ ᠣᠶᠢᠯᠠᠯᠭ᠎ᠠ ᠂ ᠣᠨ ᠤ ᠣᠶᠢᠯᠠᠪᠤᠷᠢ ᠨᠠᠶᠢᠷᠠᠭᠤᠯᠤᠨ ᠪᠢᠴᠢᠬᠦ ᠪᠠ ᠮᠣᠩᠭᠣᠯ ᠣᠷᠣᠨ ᠤ ᠣᠶᠢᠯᠠᠯᠭ᠎ᠠ ᠶᠢᠨ ᠣᠷᠴᠢᠭᠤᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃ 2020 ᠣᠨ 5 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠂ ᠬᠣᠲᠠ ᠂ ᠰᠢᠶᠠᠨ ( ᠬᠣᠰᠢᠭᠤ ᠲᠣᠭᠣᠷᠢᠭ ) ᠦ ᠬᠣᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠪᠦᠬᠦᠨ ᠢ ᠬᠢᠨᠠᠨ ᠲᠣᠭᠲᠠᠭᠠᠬᠤ ᠶᠢ ᠪᠡᠶᠡᠯᠡᠭᠦᠯᠪᠡ ᠃ ᠬᠣᠲᠠ ᠶᠢᠨ ᠲᠡᠰ ᠤᠨ ᠬᠣᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠪᠠ ᠮᠣᠩᠭᠣᠯ ᠣᠷᠣᠨ ᠨᠤᠲᠤᠭ ᠤᠨ ᠣᠶᠢᠯᠠᠯᠭ᠎ᠠ ᠨᠢ ᠨᠣᠮ ᠤᠨ ᠳ᠋ᠤᠭᠠᠷᠯᠠᠯ ᠭᠤᠶᠤᠴᠢᠯᠠᠬᠤ ᠠᠵᠢᠯ ᠢ ᠨᠢᠭᠡᠨᠲᠡ ᠳᠠᠭᠤᠰᠬᠠᠪᠠ ᠂ ᠬᠢᠨᠠᠭᠤᠯᠬᠤ ᠨᠣᠣᠷᠠᠭ ᠢ ᠬᠡᠪᠯᠡᠯ ᠦᠨ ᠬᠣᠷᠢᠶᠠᠨ ᠳᠤ ᠢᠯᠡᠭᠡᠵᠦ ᠭᠤᠷᠪᠠ ᠬᠢᠨᠠᠭᠤᠯᠬᠤ ᠭᠤᠷᠪᠠ ᠪᠠᠢᠴᠠᠭᠠᠬᠤ ᠬᠢᠯᠭᠡᠪᠡ ᠃ 《ᠤᠯᠠᠭᠠᠨᠬᠠᠳᠠ ᠶᠢᠨ ᠣᠨ ᠤ ᠣᠢᠯᠠᠪᠤᠷᠢ ᠪᠢᠴᠢᠭ ᠦᠨ ᠴᠤᠪᠤᠷᠠᠯ ᠪᠢᠴᠢᠭ》 (2019 ᠪᠣᠲᠢ) ᠨᠢᠭᠡᠨᠲᠡ 9 ᠬᠣᠲᠠ᠂ ᠰᠢᠶᠠᠨ (ᠬᠣᠰᠢᠭᠤ ᠲᠣᠭᠣᠷᠢᠭ) ᠢ ᠬᠡᠪᠯᠡᠵᠦ ᠬᠡᠪᠯᠡᠬᠦ ᠠᠵᠢᠯ ᠢ ᠳᠠᠭᠤᠰᠬᠠᠪᠠ᠃