ᠵᠤᠬᠢᠶᠠᠭᠴᠢ:
ᠴᠠᠭ:2020-06-19
ᠥᠵᠡᠭᠰᠡᠨ : ℃
ᠢᠷᠡᠯᠲᠡ:
《ᠤᠯᠠᠭᠠᠨᠮᠥ᠋ᠴᠢᠷ ᠤᠨ ᠰᠠᠷ᠎ᠠ • ᠠᠯᠢᠪᠠ ᠪᠦᠬᠦᠨ ᠠᠷᠠᠳ ᠲᠦᠮᠡᠨ ᠤ ᠲᠥᠯᠥᠭᠡ》 ᠭᠡᠬᠦ ᠭᠤᠤᠯ ᠰᠡᠳᠦᠪᠲᠦ ᠠᠵᠢᠯᠯᠠᠭ᠎ᠠ ᠳᠥᠷᠪᠡᠳ ᠬᠤᠰᠢᠭᠤᠨ ᠳᠤ ᠨᠢᠵᠢᠭᠢᠷ ᠶᠠᠪᠤᠭᠳᠠᠪᠠ ᠵᠧᠩ ᠬᠤᠩ ᠹᠠᠨ ᠣᠷᠣᠯᠴᠠᠵᠠᠢ
2020 6 ᠰᠠᠷ᠎ᠠ ᠶᠢᠨ 17 ᠤ ᠦᠳᠡ ᠶᠢᠨ ᠡᠮᠤᠨᠡᠬᠢ 9 ᠴᠠᠭ ᠲᠤ᠂ 《ᠤᠯᠠᠭᠠᠨᠮᠥ᠋ᠴᠢᠷ ᠤᠨ ᠰᠠᠷ᠎ᠠ • ᠠᠯᠢᠪᠠ ᠪᠦᠬᠦᠨ ᠠᠷᠠᠳ ᠲᠦᠮᠡᠨ ᠤ ᠲᠥᠯᠥᠭᠡ》 ᠭᠡᠬᠦ ᠭᠤᠤᠯ ᠰᠡᠳᠦᠪᠲᠦ ᠠᠵᠢᠯᠯᠠᠭ᠎ᠠ ᠪᠠᠶᠠᠷ ᠪᠠᠶᠠᠰᠬᠤᠯᠠᠩᠳᠤ ᠪᠦᠵᠢᠭ 《ᠬᠤᠪᠢᠯᠭᠠᠨ ᠤᠡᠭᠭᠤᠴᠠ ᠶᠢᠨ ᠨᠤᠳᠤᠭ》 ᠢᠶᠠᠷ ᠡᠬᠢᠯᠡᠯᠲᠡ ᠶᠢᠨ ᠬᠦᠰᠢᠭᠡ ᠪᠠᠨ ᠰᠡᠬᠦᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠠᠵᠢᠯᠯᠠᠭ᠎ᠠ ᠳᠤ ᠣᠷᠣᠯᠴᠠᠵᠠᠢ᠃ ᠠᠬᠤᠶ ᠲᠠᠯᠠᠪᠠᠶ ᠳᠤ ᠵᠧᠩ ᠬᠤᠩ ᠹᠠᠨ 《ᠠᠷᠠᠳ ᠤᠨ ᠵᠢᠱᠢᠶᠡᠴᠢ》 ᠲᠦᠭᠦ᠋ᠢᠮᠠ ᠨᠠᠰᠤᠲᠠᠨ ᠪᠣᠯᠤᠨ ᠤᠯᠠᠭᠠᠨᠮᠥ᠋ᠴᠢᠷ ᠤᠨ ᠲᠣᠭᠯᠠᠭᠴᠢᠳ ᠢ ᠲᠣᠬᠤᠨᠢᠭᠤᠯᠤᠭᠰᠠᠨ ᠪᠦᠭᠡᠳ ᠣᠯᠠᠨ ᠲᠠᠢ ᠬᠠᠮᠲᠤ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠪᠠ᠃ ᠲᠡᠷᠡ ᠤᠯᠠᠭᠠᠨᠮᠥ᠋ᠴᠢᠷ ᠤᠨ ᠬᠢᠨ ᠢ ᠰᠢᠯᠢᠳᠡᠭ ᠤᠯᠠᠮᠵᠢᠯᠠᠯ ᠢᠶᠠᠨ ᠰᠠᠶᠢᠲᠤᠷ ᠪᠠᠳᠠᠷᠠᠭᠤᠯᠵᠤ᠂ ᠨᠡᠩ ᠣᠯᠠᠨ᠂ ᠨᠡᠩ ᠰᠠᠶᠢᠨ ᠪᠦᠲᠦᠭᠡᠯ ᠵᠤᠬᠢᠶᠠᠵᠤ ᠮᠠᠯᠴᠢᠨ ᠲᠠᠷᠢᠶᠠᠴᠢᠳ ᠤᠨ ᠳᠤᠮᠳᠠ ᠭᠦᠨᠵᠡᠭᠡᠶᠢᠷᠡᠨ᠂ ᠨᠠᠮ ᠤᠨ ᠳᠠᠭᠤᠨ ᠬᠤᠭᠤᠯᠠᠢ ᠶᠢ ᠳᠠᠮᠵᠢᠭᠤᠯᠬᠤ ᠬᠡᠷᠡᠭᠳᠡᠢ ᠭᠡᠵᠤ ᠵᠠᠬᠢᠪᠠ᠃ ᠤᠷᠠᠨ ᠰᠠᠶᠢᠬᠠᠨ ᠤ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠵᠧᠩ ᠬᠤᠩ ᠹᠠᠨ ᠤᠯᠠᠭᠠᠨᠮᠥ᠋ᠴᠢᠷ ᠤᠨ ᠲᠤᠭᠯᠠᠭᠴᠢᠳ ᠲᠠᠢ ᠬᠠᠮᠳᠤ ᠴᠠᠭᠠᠨᠪᠤᠯᠠᠭ ᠰᠤᠮᠤᠨ ᠤ ᠭᠡᠷᠡᠯᠲᠤᠶᠠᠭ᠎ᠠ ᠭᠠᠴᠠᠭᠠᠨ ᠤ ᠮᠠᠯᠴᠢᠨ ᠰᠧᠳᠡᠭ ᠤᠨ ᠬᠢᠨ ᠳᠤ ᠬᠦᠷᠴᠦ ᠪᠤᠯᠭᠤᠭᠠᠨ ᠲᠣᠬᠤᠨᠢᠭᠤᠯᠤᠭᠰᠠᠨ ᠪᠥᠭᠡᠳ ᠤᠷᠠᠨ ᠰᠠᠶᠢᠬᠠᠨ ᠤ ᠲᠣᠭᠯᠠᠯᠲᠠ ᠰᠤᠨᠢᠷᠬᠠᠭᠤᠯᠪᠠ᠃
ᠠᠵᠢᠯᠯᠠᠭ᠎ᠠ ᠶᠢᠨ ᠬᠤᠭᠤᠴᠠᠭᠠᠨ ᠳᠤ᠂ ᠵᠧᠩ ᠬᠤᠩ ᠹᠠᠨ ᠪᠠᠰᠠ 《ᠰᠦᠯᠵᠢᠶᠠᠨ ᠳᠡᠭᠡᠷᠡᠬᠢ ᠤᠯᠠᠭᠠᠨᠮᠦ᠋ᠴᠢᠷ》 ᠤᠨ ᠰᠢᠭᠤᠳ ᠨᠡᠪᠲᠡᠷᠡᠭᠦᠯᠭᠡ ᠶᠢᠨ ᠦᠷᠦᠭᠡᠨ ᠳᠤ ᠰᠠᠭᠠᠲᠠᠵᠤ᠂ ᠸᠢᠳᠢᠣ᠋ ᠪᠠᠷ ᠲᠡᠳᠮᠠ ᠪᠠᠭᠰᠢ ᠲᠠᠢ ᠵᠤᠯᠭᠠᠭᠰᠠᠨ ᠪᠦᠭᠡᠳ ᠪᠦᠬᠦ ᠤᠯᠤᠰ ᠤᠨ ᠰᠦᠯᠵᠢᠶᠠᠨ ᠠᠨᠳᠠ ᠨᠠᠷ ᠲᠤ ᠤᠯᠠᠭᠠᠨᠮᠥ᠋ᠴᠢᠷ ᠢ ᠲᠠᠨᠢᠯᠴᠠᠭᠤᠯᠤᠨ᠂ ᠦᠪᠦᠷ ᠮᠤᠩᠭᠤᠯ ᠳᠤ ᠵᠢᠭᠤᠯᠴᠢᠯᠠᠬᠤ ᠪᠠᠷ ᠢᠷᠡᠭᠡᠷᠡᠢ ᠭᠡᠵᠤ ᠤᠷᠢᠪᠠ᠃ ᠵᠧᠩ ᠬᠤᠩ ᠹᠠᠨ᠂ ᠡᠶᠢᠮᠦᠷᠬᠦᠦ 《ᠰᠦᠯᠵᠢᠶᠡᠨ ᠳᠡᠭᠡᠷᠡᠬᠢ》᠂ 《ᠰᠦᠯᠵᠢᠶᠡᠨ ᠭᠠᠳᠠᠨᠠᠬᠢ》 ᠬᠠᠷᠢᠯᠴᠠᠨ ᠬᠤᠷᠰᠢᠯᠴᠠᠬᠤ ᠬᠡᠯᠪᠡᠷᠢ ᠮᠠᠰᠢ ᠰᠠᠶᠢᠨ᠂ ᠬᠤᠶᠢᠰᠢᠳᠠ ᠡᠶᠢᠮᠦᠷᠬᠦᠦ ᠬᠡᠯᠪᠡᠷᠢ ᠪᠠᠷ ᠨᠡᠩ ᠣᠯᠠᠨ ᠬᠦᠮᠦᠰ ᠲᠤ ᠰᠣᠶᠣᠯ ᠤᠨ ᠭᠦᠷᠳᠡᠮᠵᠢ ᠤᠯᠭᠤᠬᠤ ᠶᠢᠨ ᠬᠠᠮᠲᠤ ᠤᠯᠠᠭᠠᠨᠮᠥ᠋ᠴᠢᠷ ᠤᠨ ᠨᠡᠷ᠎ᠠ ᠨᠦᠯᠦᠭᠡ ᠶᠢ ᠦᠷᠭᠡᠳᠭᠡᠨ᠂ ᠦᠪᠦᠷ ᠮᠤᠩᠭᠤᠯ ᠤᠨ ᠰᠠᠶᠢᠨ ᠰᠠᠶᠢᠬᠠᠨ ᠲᠦᠷᠢ ᠲᠦᠷᠬᠦ ᠶᠢ ᠪᠦᠬᠦ ᠤᠯᠤᠰ ᠤᠨ ᠠᠷᠠᠳ ᠲᠦᠮᠡᠨ ᠳᠤ ᠦᠵᠡᠭᠦᠯᠬᠦ ᠬᠡᠷᠡᠭᠲᠠᠢ ᠭᠡᠵᠦ ᠱᠠᠭᠠᠷᠳᠠᠪᠠ᠃
ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ ᠤᠨ ᠲᠢᠩᠬᠢᠮ ᠭᠤᠣᠯᠯᠠᠨ ᠡᠷᠬᠢᠯᠡᠵᠤ᠂ ᠰᠦᠯᠵᠢᠶᠡᠨ ᠭᠠᠳᠠᠨᠠᠬᠢ ᠲᠣᠭᠯᠠᠯᠲᠠ ᠪᠠ ᠰᠦᠯᠵᠢᠶᠡᠨ ᠳᠡᠭᠡᠷᠡᠬᠢ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠶᠠᠪᠤᠭᠳᠠᠨ᠂ ᠪᠥᠬᠦ ᠣᠷᠣᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠤᠢᠢᠯᠠᠴᠢᠯᠡᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠬᠠᠷᠠᠭᠤᠯᠵᠠᠢ᠃ ᠲᠦᠷᠪᠠᠳ ᠬᠤᠰᠢᠭᠤᠨ ᠤ ᠲᠠᠯᠠᠪᠠᠢ ᠪᠠ ᠪᠥᠬᠦ ᠣᠷᠣᠨ ᠤ 8 ᠠᠶᠢᠮᠠᠭ ᠬᠤᠲᠠ ᠬᠤᠰᠢᠭᠤ ᠰᠢᠶᠠᠨ ᠤ ᠲᠠᠯᠠᠪᠠᠢ ᠴᠤᠭ ᠲᠠᠭᠠᠨ ᠬᠤᠯᠪᠤᠯᠳᠤᠨ ᠰᠢᠭᠤᠳ ᠨᠡᠪᠲᠡᠷᠡᠭᠦᠯᠭᠡ ᠬᠢᠵᠤ᠂ 《ᠮᠠᠯᠴᠢᠨ ᠲᠦᠮᠡᠨ ᠡᠪ ᠬᠠᠮᠲᠤ ᠨᠠᠮ ᠢᠶᠡᠨ ᠮᠠᠭᠲᠠᠨ ᠳᠠᠭᠤᠯᠠᠨ᠎ᠠ》᠂ 《ᠶᠠᠳᠠᠭᠤ ᠠᠴᠠ ᠠᠩᠭᠢᠵᠢᠷᠠᠭᠤᠯᠬᠤ ᠵᠠᠮ ᠳᠤ》 ᠵᠡᠷᠭᠡ ᠭᠤᠶᠢᠳᠠ ᠰᠠᠶᠢᠬᠠᠨ ᠲᠤᠭᠯᠠᠯᠲᠠ ᠨᠤᠭᠤᠳ ᠲᠠᠯ᠎ᠠ ᠨᠤᠲᠤᠭ ᠤᠨ ᠠᠷᠠᠳ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢᠶᠠᠨ ᠴᠤᠭᠴᠠᠯᠠᠵᠤ ᠪᠠᠶᠢᠭ᠎ᠠ ᠴᠤᠭ ᠵᠢᠪᠬᠤᠭ᠎ᠠ ᠶᠢ ᠬᠠᠷᠠᠭᠤᠯᠵᠠᠢ᠃