ᠵᠤᠬᠢᠶᠠᠭᠴᠢ:
ᠴᠠᠭ:2020-05-12
ᠥᠵᠡᠭᠰᠡᠨ : ℃
ᠢᠷᠡᠯᠲᠡ:
ᠦᠪᠡᠷᠲᠡᠭᠡᠨ ᠵᠠᠰᠠᠬᠤ ᠤᠷᠤᠨ ᠤ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠲᠤᠪᠠ
2020 5 ᠰᠠᠷ᠎ᠠ ᠶᠢᠨ 12 ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠷᠦᠢ ᠹᠸᠡᠭ 2019 ᠣᠨ ᠤ ᠦᠪᠡᠷᠲᠡᠭᠡᠨ ᠵᠠᠰᠠᠬᠤ ᠤᠷᠤᠨ ᠤ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠪᠠ 2020 ᠣᠨ ᠤ ᠠᠵᠢᠯ ᠤᠨ ᠪᠠᠶᠢᠷᠢᠯᠠᠭᠤᠯᠣᠯᠳᠠ ᠶᠢ ᠳᠠᠨᠢᠯᠴᠠᠭᠤᠯᠪᠠ᠃
ᠳᠠᠨᠢᠯᠴᠠᠭᠤᠯᠣᠭᠰᠠᠨ ᠢᠶᠠᠷ᠂ 2019 ᠣᠨ ᠳᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠶᠡᠭᠡ ᠬᠡᠮᠵᠢᠶ᠎ᠡ ᠪᠠᠷ ᠪᠠᠭᠠᠰᠬᠠᠨ ᠳᠣᠷᠣᠭᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠨᠠᠷᠢᠨ ᠳᠠᠩᠰᠠ 3278 ᠪᠠᠶᠢᠭᠰᠠᠨ ᠢ 947 ᠪᠣᠯᠭᠠᠨ ᠪᠠᠭᠠᠰᠬᠠᠵᠤ᠂ 1364 ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠭᠰᠠᠨ ᠪᠣᠶᠣ ᠳᠣᠷᠣᠭᠰᠢ ᠪᠠᠭᠤᠯᠭᠠᠪᠠ︔ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠵᠣ᠂ 11 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠢᠨᠠᠨ ᠬᠠᠷᠭᠤᠭᠤᠯᠵᠤ᠂ 4 ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠣᠭᠲᠠᠭᠠᠵᠣ᠂ 7591 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠭᠴᠡᠯᠡᠵᠤ᠂ 2191 ᠬᠤᠪᠢ ᠶᠢ ᠨᠢ ᠬᠦᠴᠦᠨ ᠦᠭᠡᠢ ᠪᠣᠯᠭᠠᠪᠠ︔ ᠬᠠᠤᠯᠢ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠪᠥᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠨ ᠨᠡᠶᠢᠲᠡᠯᠡᠭᠰᠡᠨ 398 ᠬᠤᠪᠢ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠪᠠ︔ ᠭᠤᠷᠪᠠᠨ ᠵᠦᠢᠯ ᠤᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭᠠᠰᠢᠳᠠ ᠵᠢᠷᠣᠮᠵᠢᠭᠤᠯᠪᠠ︔ ᠬᠢᠨᠠᠯᠲᠠ ᠬᠦᠯᠢᠶᠡᠰᠦᠯᠡᠯ ᠢ ᠴᠢᠩᠭᠠᠳᠬᠠᠵᠤ᠂ ᠵᠠᠰᠠᠭ ᠤᠨ ᠤᠷᠳᠤᠨ ᠤ ᠡᠷᠬᠡ ᠶᠢᠨ ᠠᠵᠢᠯᠯᠠᠭ᠎ᠠ ᠶᠢ ᠵᠢᠷᠣᠮᠵᠢᠭᠤᠯᠵᠣ᠂ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ 1346 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠪᠠ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠠ 15839 ᠵᠤᠷᠪᠤᠰ ᠡᠯ᠎ᠡ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠵᠤ᠂ 393 ᠬᠤᠪᠢ ᠲᠥᠷᠥ ᠶᠢᠨ ᠪᠣᠳᠣᠯᠭ᠎ᠠ ᠶᠢ ᠲᠠᠶᠢᠯᠪᠣᠷᠢᠯᠠᠵᠣ᠂ 356 ᠵᠤᠷᠪᠤᠰ ᠰᠠᠨᠠᠯ ᠬᠤᠷᠢᠶᠠᠪᠠ︔ ᠠᠷᠠᠳ ᠲᠦᠮᠡᠨ ᠢᠶᠠᠷ ᠭᠤᠤᠯ ᠪᠤᠯᠭᠠᠬᠤ ᠶᠢ ᠂ ᠨᠡᠶᠢᠭᠡᠮ ᠤᠨ ᠵᠦᠷᠢᠴᠡᠯ ᠵᠢᠭᠤᠷᠠᠭᠠᠨ ᠢ ᠡᠶᠡᠳᠡᠭᠦᠯᠬᠦ ᠲᠤᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠬᠢᠨ ᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ᠂ ᠵᠠᠷᠭᠤ ᠬᠦᠯᠢᠶᠡᠭᠰᠡᠨ ᠬᠡᠷᠡᠭ ᠨᠡᠶᠢᠲᠡ 4607 ᠬᠤᠪᠢ ᠳᠤ ᠬᠦᠷᠴᠦ᠂ ᠳᠠᠬᠢᠨ ᠵᠥᠪᠯᠡᠭᠰᠡᠨ ᠬᠡᠷᠡᠭ ᠨᠢ ᠠᠳᠠᠯᠢ ᠬᠤᠭᠤᠴᠠᠭᠠᠨ ᠤ ᠬᠢ ᠠᠴᠠ 23.2% ᠨᠡᠮᠡᠭᠳᠡᠪᠡ᠃ 4K ᠤᠶᠤᠨᠲᠤ ᠦᠵᠦᠭᠦᠷᠯᠢᠭ ᠪᠠ ᠬᠠᠤᠯᠢ ᠴᠠᠭᠠᠵᠠ ᠶᠢᠨ ᠭᠠᠵᠠᠷ ᠢ ᠬᠡᠷᠡᠭᠯᠡᠨ ᠪᠥᠬᠦ ᠣᠷᠣᠨ ᠤ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠨᠢᠭᠡ ᠵᠢᠯ ᠳᠤ 9.4 ᠲᠦᠮᠡᠨ ᠵᠥᠷᠢᠴᠡᠯ ᠵᠢᠭᠤᠷᠠᠭᠠᠨ ᠢ ᠡᠶᠡᠳᠡᠭᠦᠯᠵᠦ᠂ ᠡᠶᠡᠳᠡᠭᠦᠯᠦᠭᠰᠡᠨ ᠨᠣᠷᠮ᠎ᠠ 97.2% ᠲᠤ ᠬᠦᠷᠪᠠ︔ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠬᠠᠤᠯᠢᠵᠢᠯ ᠤᠨ ᠤᠬᠠᠮᠰᠠᠷ ᠪᠠ ᠬᠠᠤᠯᠢ ᠶᠣᠰᠣᠭᠠᠷ ᠵᠠᠰᠠᠭ ᠪᠠᠷᠢᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠪᠥᠬᠦ ᠣᠷᠣᠨ ᠳᠤ ᠤᠳᠤᠷᠢᠳᠬᠤ ᠺᠠᠳ᠋ᠷ ᠤᠨ ᠬᠠᠤᠯᠢᠵᠢᠯ ᠤᠨ ᠲᠠᠶᠢᠯᠤᠮᠵᠢ ᠶᠢ 2500 ᠤᠳᠠᠭ᠎ᠠ ᠡᠷᠭᠢᠯᠡᠵᠤ᠂ 1.6 ᠲᠦᠮᠡᠨ ᠪᠦᠬᠦ ᠣᠷᠣᠨ ᠤ ᠰᠦᠯᠵᠢᠶᠡᠨ ᠳᠡᠭᠡᠷᠡᠬᠢ ᠬᠠᠣᠯᠢ ᠰᠣᠷᠣᠯᠴᠠᠬᠤ ᠳᠠᠪᠴᠠᠩ ᠰᠣᠷᠣᠯᠴᠠᠵᠣ᠂ 68 ᠲᠦᠮᠡᠨ ᠬᠥᠮᠦᠨ ᠰᠣᠷᠣᠯᠴᠠᠯᠭ᠎ᠠ ᠳᠤ ᠣᠷᠣᠯᠴᠠᠪᠠ᠃
ᠳᠠᠨᠢᠯᠴᠠᠭᠤᠯᠣᠭᠰᠠᠨ ᠢ ᠦᠨᠳᠦᠰᠦᠯᠡᠪᠡᠯ᠂ 2020 ᠣᠨ ᠳᠤ᠂ ᠮᠠᠨ ᠤ ᠣᠷᠣᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠶ ᠲᠣᠭᠲᠠᠭᠠᠯ ᠢ ᠭᠦᠨᠵᠡᠭᠡᠶ ᠨᠠᠶᠢᠳᠠᠪᠤᠷᠢᠵᠢᠭᠤᠯᠵᠤ᠂ ᠳᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠠᠳᠬᠤᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠣ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠡᠮᠬᠢ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠳᠡ ᠳᠠᠬᠢ ᠬᠢᠨᠠᠯᠲᠠ ᠶᠢ ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠣ᠂ ᠬᠢᠨᠠᠯᠲᠠ ᠬᠦᠯᠢᠶᠡᠰᠦᠯᠡᠯ ᠢᠶᠠᠨ ᠴᠢᠩᠭᠠᠳᠬᠠᠵᠤ᠂ ᠡᠷᠬᠡ ᠶᠢ ᠵᠢᠷᠣᠮᠵᠢᠯ ᠲᠠᠢ ᠬᠡᠷᠡᠭᠯᠡᠬᠦ ᠶᠢ ᠱᠠᠯᠠᠪᠳᠠᠭᠤᠯᠬᠤ ᠪᠣᠯᠣᠨ᠎ᠠ᠃