ᠵᠤᠬᠢᠶᠠᠭᠴᠢ:
ᠴᠠᠭ:2020-01-10
ᠥᠵᠡᠭᠰᠡᠨ : ℃
ᠢᠷᠡᠯᠲᠡ:
《 ᠬᠥᠬᠡᠬᠣᠲᠠ ᠶᠢᠨ ᠢᠦᠶ ᠴᠢᠤᠸᠠᠨ ᠲᠣᠭᠣᠷᠢᠭ ᠣᠶᠢᠯᠠᠯᠭ᠎ᠠ ( 1986 — 2015 ) 》 ( ᠨᠣᠣᠷᠠᠭ ) ᠶᠢ ᠬᠢᠨᠠᠨ ᠲᠣᠭᠲᠠᠭᠠᠵᠤ ᠪᠠᠲᠤᠯᠠᠪᠠ
2019 ᠣᠨ 12 ᠰᠠᠷ᠎ᠠ ᠶᠢᠨ 20 ᠦ ᠡᠳᠦᠷ ᠂ 《 ᠬᠥᠬᠡᠬᠣᠲᠠ ᠶᠢᠨ ᠢᠦᠶ ᠴᠢᠤᠸᠠᠨ ᠲᠣᠭᠣᠷᠢᠭ ᠤᠨ ᠣᠶᠢᠯᠠᠯᠭ᠎ᠠ ( 1986 — 2015 ) 》 ( ᠨᠣᠣᠷᠠᠭ ) ᠶᠢ ᠬᠢᠨᠠᠨ ᠲᠣᠭᠲᠠᠭᠠᠬᠤ ᠬᠤᠷᠠᠯ ᠢ ᠬᠥᠬᠡᠬᠣᠲᠠ ᠳᠤ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠴᠠᠭᠠᠨᠯᠠᠩᠲᠤ ᠂ ᠬᠥᠬᠡᠬᠣᠲᠠ ᠶᠢᠨ ᠨᠠᠮ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠸᠠᠩ ᠵᠢᠶᠦ᠋ᠨ ᠂ ᠢᠦᠶ ᠴᠢᠤᠸᠠᠨ ᠲᠣᠭᠣᠷᠢᠭ ᠤᠨ ᠨᠠᠮ ᠤᠨ ᠬᠣᠷᠢᠶ᠎ᠠ ᠶᠢᠨ ᠳᠡᠳ᠋ ᠱᠦᠵᠢ ᠂ ᠶᠦᠨ ᠵᠢᠶᠠᠨ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ 《 ᠬᠠᠷᠠᠯᠲᠠ》 ᠶᠢᠨ ᠳᠥᠷᠪᠡᠳᠦᠭᠡᠷ ᠂ ᠲᠠᠪᠤᠳᠤᠭᠠᠷ ᠰᠢᠪᠲᠤᠯᠤᠯᠲᠠ ᠶᠢᠨ ᠳᠤᠭᠤᠶᠢᠯᠠᠩ ᠂ ᠬᠥᠬᠡᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠬᠠᠮᠢᠶ᠎ᠠ ᠪᠦᠬᠦᠢ ᠭᠡᠰᠢᠭᠦᠨ ᠵᠢᠴᠢ ᠢᠦᠶ ᠴᠢᠤᠸᠠᠨ ᠲᠣᠭᠣᠷᠢᠭ ᠤᠨ ᠨᠠᠶᠢᠷᠠᠭᠤᠯᠤᠭᠴᠢᠳ ᠨᠡᠶᠢᠲᠡ 18 ᠬᠥᠮᠦᠨ ᠬᠢᠨᠠᠨ ᠲᠣᠭᠲᠠᠭᠠᠬᠤ ᠬᠤᠷᠠᠯ ᠳᠤ ᠃ ᠸᠠᠩ ᠵᠢᠶᠦ᠋ᠨ ᠬᠢᠨᠠᠨ ᠲᠣᠭᠲᠠᠭᠠᠬᠤ ᠬᠤᠷᠠᠯ ᠢ ᠡᠷᠬᠢᠯᠡᠪᠡ ᠃
ᠬᠤᠷᠠᠯ ᠳᠡᠭᠡᠷ᠎ᠡ ᠂ ᠴᠠᠭᠠᠨᠯᠠᠩᠲᠤ ᠬᠢᠨᠠᠨ ᠲᠣᠭᠲᠠᠭᠠᠬᠤ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ ᠃ ᠶᠦᠨ ᠵᠢᠶᠠᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠦ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠢᠦᠶ ᠴᠢᠤᠸᠠᠨ ᠲᠣᠭᠣᠷᠢᠭ ᠤᠨ ᠣᠶᠢᠯᠠᠯᠭ᠎ᠠ ᠶᠢᠨ ᠦᠨ ᠪᠠᠶᠢᠳᠠᠯ ᠢ ᠲᠠᠨᠢᠯᠴᠠᠭᠤᠯᠪᠠ ᠃ ᠺᠣᠮᠢᠰ ᠠᠴᠠ 《 ᠬᠥᠬᠡᠬᠣᠲᠠ ᠶᠢᠨ ᠢᠦᠶ ᠴᠢᠤᠸᠠᠨ ᠲᠣᠭᠣᠷᠢᠭ ᠣᠶᠢᠯᠠᠯᠭ᠎ᠠ ( 1986 — 2015 ) 》( ᠨᠣᠣᠷᠠᠭ ) ᠶᠢ ᠪᠠᠲᠤᠯᠠᠪᠠ ᠃