ᠵᠤᠬᠢᠶᠠᠭᠴᠢ:
ᠴᠠᠭ:2019-11-22
ᠥᠵᠡᠭᠰᠡᠨ : ℃
ᠢᠷᠡᠯᠲᠡ:
《 ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠣᠶᠢᠯᠠᠯᠭ᠎ᠠ ( 2001 — 2015 ) 》 ( ᠨᠣᠣᠷᠠᠭ ) ᠬᠢᠨᠠᠨ ᠲᠣᠭᠲᠠᠭᠠᠬᠤ ᠬᠤᠷᠠᠯ ᠬᠤᠷᠠᠯᠳᠤᠪᠠ

2019 ᠣᠨ 11 ᠰᠠᠷ᠎ᠠ 15 ᠡᠳᠦᠷ ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠦᠨ ᠣᠶᠢᠯᠠᠯᠭ᠎ᠠ ( 2001 — 2015 ) 》 ( ᠨᠣᠣᠷᠠᠭ ) ᠬᠢᠨᠠᠨ ᠲᠣᠭᠲᠠᠭᠠᠬᠤ ᠬᠤᠷᠠᠯ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠲᠣᠪᠴᠢᠶ᠎ᠠ ( ) ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠲᠣᠪᠴᠢᠶ᠎ᠠ ( ) ᠳᠡᠳ᠋ ᠳᠠᠷᠤᠭ᠎ᠠ ᠵᠠᠩ ᠱᠤᠸᠠᠢ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠳᠡᠳ᠋ ᠡᠷᠬᠢᠯᠡᠭᠴᠢ ᠮᠸᠩ ᠰᠢᠤ ᠹᠠᠩ ᠶᠠᠷᠢᠶ᠎ᠠ ᠲᠠᠯᠪᠢᠬᠤ ᠶᠢᠨ ᠬᠠᠮᠲᠤ ᠬᠤᠷᠠᠯ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ《 》ᠨᠢᠭᠡᠳᠦᠭᠡᠷ ᠳᠤᠭᠤᠶᠢᠯᠠᠩ ᠂ ᠭᠤᠷᠪᠠᠳᠤᠭᠠᠷ ᠳᠤᠭᠤᠶᠢᠯᠠᠩ ᠵᠢᠴᠢ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠲᠣᠪᠴᠢᠶ᠎ᠠ ( ) ᠬᠠᠮᠢᠶ᠎ᠠ ᠪᠦᠬᠦᠢ ᠠᠵᠢᠯᠲᠠᠨ ᠨᠡᠶᠢᠲᠡ 30 ᠭᠠᠷᠤᠶ ᠬᠥᠮᠦᠨ ᠬᠤᠷᠠᠯ ᠳᠤ ᠣᠷᠣᠯᠴᠠᠵᠠᠶ ᠃

ᠵᠠᠩ ᠱᠤᠸᠠᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠬᠦᠷᠦᠯᠴᠡᠨ ᠢᠷᠡᠭᠰᠡᠨ ᠳᠦ ᠪᠠᠶᠠᠷ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠳᠤᠮᠳᠠ ᠤᠷᠲᠤ ᠬᠤᠭᠤᠴᠠᠭᠠᠨ ᠤ ᠬᠠᠪᠰᠤᠷᠤᠯᠭ᠎ᠠ ᠦᠵᠡᠭᠦᠯᠦᠭᠰᠡᠨ ᠳᠦ ᠴᠢᠩ ᠰᠡᠳᠬᠢᠯ ᠲᠠᠯᠠᠷᠬᠠᠯ ᠳᠡᠪᠰᠢᠭᠦᠯᠪᠡ ᠃
ᠮᠧᠩ ᠰᠢᠤ ᠹᠠᠩ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠣᠶᠢᠯᠠᠯᠭ᠎ᠠ ( 2001 — 2015 ) 》 ( ᠨᠣᠣᠷᠠᠭ ) ᠬᠢᠨᠠᠨ ᠬᠤᠷᠠᠯ ᠬᠤᠷᠠᠯᠳᠤᠭᠰᠠᠨ ᠳᠤ ᠪᠠᠶᠠᠷ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ 《 》 ᠪᠣᠯ ᠡᠯ᠎ᠡ ᠬᠠᠷᠢᠭᠤᠴᠠᠯᠭᠠᠲᠤ ᠨᠢᠭᠡᠴᠡ ᠶᠢᠨ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠂ ᠣᠳᠣᠬᠠᠨ ᠤ ᠪᠥᠬᠥ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠡᠭᠦᠷᠭᠡ ᠪᠣᠯᠤᠨ᠎ᠠ ᠃ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠣᠶᠢᠯᠠᠯᠭ᠎ᠠ 》 ᠪᠣᠯ 《 ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠣᠶᠢᠯᠠᠯᠭ᠎ᠠ 》 ᠨᠢᠭᠡᠨ ᠮᠠᠰᠢ ᠴᠢᠬᠤᠯᠠ ᠬᠤᠪᠢᠶᠠᠷᠢ ᠪᠣᠯᠤᠨ᠎ᠠ ᠃
ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠲᠣᠪᠴᠢᠶ᠎ᠠ ( ) ᠶᠢᠨ ᠺᠧ ᠸᠧᠶ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠣᠶᠢᠯᠠᠯᠭ᠎ᠠ( 2001 — 2015 ) 》 ᠦᠨᠳᠦᠰᠦᠨ ᠂ ᠠᠭᠤᠯᠭ᠎ᠠ ᠶᠢᠨ ᠪᠣᠷᠣ ᠲᠥᠯᠥᠪ ᠪᠣᠯᠤᠨ ᠬᠣᠯᠪᠣᠭᠳᠠᠯ ᠪᠦᠬᠦᠢ ᠤᠨ ᠲᠣᠳᠣᠷᠬᠠᠶᠢᠯᠠᠯᠲᠠ ᠲᠠᠨᠢᠯᠴᠠᠭᠤᠯᠪᠠ ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠂ ᠬᠣᠩ ᠂ ᠹᠦ᠋ ᠷᠦᠩ ᠂ ᠴᠢ ᠶᠢᠩ ᠴᠦᠨ ᠂ ᠂ ᠵᠤᠤ ᠵᠢᠩ ᠵᠡᠷᠭᠡ ᠬᠥᠮᠦᠰ ᠲᠣᠰ ᠲᠣᠰ ᠤᠯᠤᠰ ᠲᠥᠷᠥ ᠦᠵᠡᠯᠲᠡ ᠂ ᠂ ᠰᠲ᠋ᠢᠯᠢ ᠂ ᠮᠠᠲ᠋ᠧᠷᠢᠶᠠᠯ ᠪᠣᠯᠪᠠᠰᠤᠷᠠᠭᠤᠯᠬᠤ ᠂ ᠵᠢᠷᠤᠮᠵᠢᠯ ᠂ ᠨᠢᠭᠤᠴᠠ ᠳᠤ ᠬᠣᠯᠪᠣᠭᠳᠠᠬᠤ ᠨᠢᠭᠤᠴᠠ ᠬᠠᠮᠠᠭᠠᠯᠠᠬᠤ ᠵᠡᠷᠭᠡ ᠲᠠᠯ᠎ᠠ ᠪᠠᠷ ᠣᠷᠣᠰᠢᠵᠤ ᠠᠰᠠᠭᠤᠳᠠᠯ ᠳᠤᠷᠠᠳᠬᠤ ᠬᠠᠮᠲᠤ ᠬᠠᠨᠳᠤᠯᠭᠠᠲᠤ ᠴᠢᠨᠠᠷᠲᠠᠶ ᠠᠷᠭ᠎ᠠ ᠃ ᠬᠢᠨᠠᠨ ᠲᠣᠭᠲᠠᠭᠠᠬᠤ ᠺᠣᠮᠢᠰ ᠦᠵᠡᠬᠦ ᠪᠡᠷ ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠭᠰᠠᠨ ᠤ ᠳᠠᠷᠠᠭ᠎ᠠ ᠂《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠳᠠᠩᠰᠠ ᠡᠪᠬᠡᠮᠡᠯ ᠣᠶᠢᠯᠠᠯᠭ᠎ᠠ( 2001 — 2015 ) 》 ᠨᠢ ᠣᠷᠣᠨ ᠨᠤᠲᠤᠭ ᠤᠨ ᠣᠶᠢᠯᠠᠯᠭ᠎ᠠ ᠬᠡᠪᠯᠡᠬᠦ ᠱᠠᠭᠠᠷᠳᠠᠯᠭ᠎ᠠ ᠳᠤ ᠬᠦᠷᠴᠦ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠤᠨ ᠮᠠᠲ᠋ᠧᠷᠢᠶᠠᠯ ᠤᠨ ᠭᠠᠵᠠᠷ ᠤᠨ ᠬᠠᠷᠢᠭᠤᠴᠠᠯᠭᠠᠲᠠᠨ ᠂ ᠭᠤᠷᠪᠠᠳᠤᠭᠠᠷ ᠳᠤᠭᠤᠶᠢᠯᠠᠩ ᠤᠨ ᠳᠠᠷᠤᠭ᠎ᠠ ᠬᠢᠨᠠᠨ ᠲᠣᠭᠲᠠᠭᠠᠬᠤ 《 ︿ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠳᠠᠩᠰᠠ ᠡᠪᠬᠡᠮᠡᠯ ᠣᠶᠢᠯᠠᠯᠭ᠎ᠠ ( 2001 — 2015 ) ﹀ ( ᠨᠣᠣᠷᠠᠭ ) ᠶᠢ ᠬᠢᠨᠠᠨ ᠲᠣᠭᠲᠠᠭᠠᠬᠤ ᠰᠠᠨᠠᠯ 》 ᠢ ᠤᠩᠰᠢᠨ ᠂ ᠬᠢᠨᠠᠨ ᠪᠠᠲᠤᠯᠠᠭᠰᠠᠨ ᠃