ᠵᠤᠬᠢᠶᠠᠭᠴᠢ:
ᠴᠠᠭ:2019-10-25
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠨᠠᠷ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠣᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠨᠠᠷ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠣᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠣᠳᠪᠠ
2019 ᠣᠨ ᠤ 10 ᠳ᠋ᠤᠭᠠᠷ ᠰᠠᠷ᠎ᠠ ᠶᠢᠨ 15 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠂ ᠣᠷᠣᠨ ᠤ ᠪᠠᠶᠢᠳᠠᠯ ᠤᠨ ᠮᠠᠲ᠋ᠧᠷᠢᠶᠠᠯ ᠤᠨ ᠭᠠᠵᠠᠷ ᠤᠨ ᠳᠡᠳ᠋ ᠳᠠᠷᠤᠭ᠎ᠠ ᠂ 《 ᠭᠤᠷᠪᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ 》 ᠶᠢᠨ ᠭᠤᠷᠪᠠᠳᠤᠭᠠᠷ ᠰᠢᠪᠲᠤᠯᠤᠯᠲᠠ ᠶᠢᠨ ᠲᠤᠰᠬᠠᠶ ᠳᠤᠭᠤᠶᠢᠯᠠᠩ ᠤᠨ ᠳᠠᠷᠤᠭ᠎ᠠ ᠪᠢᠩ ᠱᠤᠸᠠᠩ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ ᠬᠣᠶᠠᠳᠤᠭᠠᠷ ᠡᠭᠡᠯᠵᠢ ᠶᠢᠨ 《 ᠪᠡᠶ᠎ᠡ ᠶᠢᠨ ᠲᠠᠮᠢᠷ ᠤᠨ ᠣᠶᠢᠯᠠᠯᠭ᠎ᠠ 》 ᠶᠢᠨ ᠠᠵᠢᠯ ᠢ ᠪᠠᠶᠢᠴᠠᠭᠠᠨ ᠰᠤᠳᠤᠯᠵᠤ ᠵᠢᠯᠣᠭᠣᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠭᠡᠷ ᠦᠨ ᠡᠷᠬᠢᠯᠡᠭᠴᠢ ᠵᠠᠩ ᡁᠢ ᠂ ᠠᠵᠢᠯᠲᠠᠨ ᠬᠤᠸᠠᠩ ᠯᠦ ᠴᠤᠸ ᠶᠠᠷᠢᠯᠴᠠᠬᠤ ᠬᠤᠷᠠᠯ ᠳᠤ ᠣᠷᠣᠯᠴᠠᠪᠠ ᠃
ᠵᠠᠩ ᡁᠢ 《 ᠪᠡᠶ᠎ᠡ ᠶᠢᠨ ᠲᠠᠮᠢᠷ ᠤᠨ ᠣᠶᠢᠯᠠᠯᠭ᠎ᠠ 》 ᠶᠢᠨ ᠠᠬᠢᠴᠠ ᠶᠢᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠡᠨ ᠬᠠᠷᠢᠭᠤ ᠮᠡᠳᠡᠭᠦᠯᠪᠡ ᠃ ᠣᠳᠣᠬᠠᠨ ᠳᠤ ᠂ 《 ᠪᠡᠶ᠎ᠡ ᠶᠢᠨ ᠲᠠᠮᠢᠷ ᠤᠨ ᠣᠶᠢᠯᠠᠯᠭ᠎ᠠ 》 ᠶᠢ ᠠᠩᠬ᠎ᠠ ᠠᠯᠬᠤᠮ ᠨᠤᠤᠷᠠᠭᠯᠠᠵᠤ᠂ ᠨᠥᠬᠥᠪᠥᠷᠢᠯᠡᠨ ᠲᠡᠭᠦᠯᠳᠡᠷᠵᠢᠭᠦᠯᠵᠦ ᠪᠣᠶ ᠂ 12 ᠳ᠋ᠤᠭᠠᠷ ᠰᠠᠷ᠎ᠠ ᠶᠢᠨ ᠡᠬᠢ ᠪᠡᠷ ᠬᠢᠨᠠᠨ ᠲᠣᠭᠲᠠᠭᠠᠬᠤ ᠨᠣᠣᠷᠠᠭ ᠢ ᠮᠡᠳᠡᠭᠦᠯᠦᠨ ᠬᠦᠷᠭᠡᠵᠦ ᠂ 12 ᠳ᠋ᠤᠭᠠᠷ ᠰᠠᠷ᠎ᠠ ᠶᠢᠨ ᠰᠡᠭᠦᠯᠴᠢ ᠪᠡᠷ ᠬᠢᠨᠠᠨ ᠲᠣᠭᠲᠠᠯᠭᠠᠵᠤ ᠂ ᠳᠠᠷᠠᠭ᠎ᠠ ᠵᠢᠯ ᠦᠨ ᠳᠡᠭᠡᠷ᠎ᠡ ᠬᠠᠭᠠᠰ ᠵᠢᠯ ᠳᠦ ᠬᠡᠪᠯᠡᠭᠦᠯᠬᠦ ᠪᠡᠷ ᠲᠥᠯᠥᠪᠯᠡᠵᠦ ᠪᠣᠶ ᠃
ᠮᠸᠩ ᠰᠢᠤ ᠹᠠᠩ 《 ᠪᠡᠶ᠎ᠡ ᠶᠢᠨ ᠲᠠᠮᠢᠷ ᠤᠨ ᠣᠶᠢᠯᠠᠯᠭ᠎ᠠ 》 ᠶᠢᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ ᠪᠡᠶ᠎ᠡ ᠶᠢᠨ ᠲᠠᠮᠢᠷ ᠤᠨ ᠲᠣᠪᠴᠢᠶ᠎ᠠ ᠦᠷᠭᠦᠯᠵᠢᠯᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ ᠠᠵᠢᠯ ᠤᠨ ᠡᠷᠴᠢᠮ ᠢᠶᠡᠨ ᠴᠢᠩᠭᠠᠷᠠᠭᠤᠯᠤᠨ ᠂ ᠬᠠᠷᠠᠯᠲᠠ ᠶᠢᠨ ᠡᠭᠦᠷᠭᠡ ᠪᠡᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠶ ᠃ ᠮᠸᠩ ᠰᠢᠤ ᠹᠠᠩ ᠂ ᠪᠢᠩ ᠱᠤᠸᠠᠩ 《 ᠪᠡᠶ᠎ᠡ ᠶᠢᠨ ᠲᠠᠮᠢᠷ ᠤᠨ ᠣᠶᠢᠯᠠᠯᠭ᠎ᠠ 》 ᠶᠢᠨ ᠡᠯᠧᠺᠲ᠋ᠷᠣᠨ ᠡᠬᠡ ᠪᠢᠴᠢᠭ ᠢ ᠪᠠᠶᠢᠴᠠᠭᠠᠨ ᠤᠩᠰᠢᠵᠤ ᠂ ᠬᠣᠯᠪᠣᠭᠳᠠᠯ ᠪᠦᠬᠦᠢ ᠲᠤᠬᠠᠶᠢᠯᠠᠭᠰᠠᠨ ᠠᠵᠢᠯ ᠳᠤ ᠲᠣᠪᠴᠢ ᠵᠢᠯᠣᠭᠣᠳᠤᠯᠭ᠎ᠠ ᠬᠢᠵᠡᠶ ᠃