ᠵᠤᠬᠢᠶᠠᠭᠴᠢ:
ᠴᠠᠭ:2019-08-02
ᠥᠵᠡᠭᠰᠡᠨ : ℃
ᠢᠷᠡᠯᠲᠡ:
ᠳᠣᠯᠣᠳᠤᠭᠠᠷ ᠬᠤᠭᠤᠴᠠᠭᠠᠨ ᠤ ᠬᠦᠪᠴᠢ ᠶᠢᠨ ᠤᠯᠠᠨ ᠤᠯᠤᠰ ᠤᠨ ᠡᠯᠡᠰᠤᠨ ᠤ ᠶᠠᠷᠢᠶᠠᠨ ᠤ ᠳᠠᠪᠴᠠᠩ ᠦᠨᠳᠦᠷᠯᠡᠪᠡ
ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠳᠤᠯᠤᠳᠤᠭᠠᠷ ᠬᠤᠭᠤᠴᠠᠭᠠᠨ ᠤ ᠬᠦᠪᠴᠢ ᠶᠢᠨ ᠤᠯᠠᠨ ᠤᠯᠤᠰ ᠤᠨ ᠡᠯᠡᠰᠤᠨ ᠤ ᠶᠠᠷᠢᠶᠠᠨ ᠤ ᠳᠠᠪᠴᠠᠩ ᠡᠯ᠎ᠡ ᠵᠦᠪᠯᠡᠬᠦ ᠵᠦᠢᠯ ᠢᠶᠠᠨ ᠠᠮᠵᠢᠯᠳᠠ ᠲᠠᠢ ᠳᠠᠭᠤᠰᠬᠠᠵᠦ᠂ 7 ᠰᠠᠷ᠎ᠠ ᠶᠢᠨ 28 ᠤ ᠡᠳᠦᠷ ᠦᠨᠳᠦᠷᠯᠡᠪᠡ᠃
ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠡᠸᠦ ᠶᠠᠩ ᠰᠢᠶᠤᠤ ᠳᠡᠬᠦᠰᠬᠦ ᠶᠤᠰᠤᠯᠠᠯ ᠳᠤ ᠤᠷᠤᠯᠴᠠᠵᠤ ᠶᠠᠷᠢᠶ᠎ᠠ ᠳᠠᠯᠪᠢᠪᠠ᠃
ᠡᠸᠦ ᠶᠠᠩ ᠰᠢᠶᠤᠤ ᠂ ᠳᠤᠰ ᠤᠳᠠᠭᠠᠨ ᠤ ᠶᠠᠷᠢᠶᠠᠨ ᠤ ᠳᠠᠪᠴᠠᠩ ᠳᠤ ᠳᠡᠯᠡᠬᠡᠢ ᠳ᠋ᠠᠬᠢᠨ ᠤ ᠠᠩᠬᠠᠷᠤᠯ ᠲᠦᠪᠯᠡᠷᠡᠵᠤ᠂ ᠦᠯᠡᠮᠵᠢ ᠤᠯᠠᠨ ᠦᠷ᠎ᠡ ᠪᠦᠳᠦᠮᠵᠢ ᠤᠯᠵᠤ᠂ ᠪᠦᠬᠦ ᠪᠦᠮᠪᠦᠷᠴᠡᠭ ᠤᠨ ᠡᠯᠡᠰᠤ ᠮᠠᠩᠬ᠎ᠠ ᠭᠠᠵᠠᠷ ᠤᠷᠤᠨ ᠤ ᠠᠮᠢ ᠠᠬᠤᠢ ᠶᠢᠨ ᠰᠢᠰᠲ᠋ᠧᠮ ᠤᠨ ᠰᠡᠷᠬᠦᠯᠳᠡ ᠪᠠ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠳᠤ ᠤᠶᠤᠨ ᠤᠬᠠᠭᠠᠨ ᠪᠠ ᠲᠦᠰᠦᠪ ᠬᠠᠨᠭ᠍ᠭᠠᠵᠤ᠂ ᠮᠦᠨ ᠴᠤ ᠡᠯ᠎ᠡ ᠤᠯᠤᠰ ᠤᠨ ᠬᠢᠨ ᠬᠠᠮᠳᠤ ᠪᠠᠷ ᠴᠦᠯᠯᠡᠷᠭᠡᠭᠵᠢᠯ ᠢ ᠰᠡᠷᠬᠡᠶᠢᠯᠡᠨ ᠵᠠᠰᠠᠬᠤ ᠳᠤ ᠨᠡᠩ ᠠᠭᠤᠳᠠᠮ ᠤᠷᠤᠨ ᠵᠠᠢ ᠶᠢ ᠪᠤᠢ ᠪᠤᠯᠭᠠᠵᠤ᠂ ᠨᠡᠩ ᠦᠷᠭᠡᠨ ᠳᠠᠪᠴᠠᠩ ᠪᠠᠶᠢᠭᠤᠯᠪᠠ᠃ ᠡᠨᠡ ᠬᠦ ᠳᠠᠪᠴᠠᠩ ᠢᠶᠠᠷ ᠳᠠᠮᠵᠢᠨ᠂ ᠤᠯᠠᠨ ᠤᠯᠤᠰ ᠤᠨ ᠬᠤᠭᠤᠷᠤᠨᠳᠤᠬᠢ ᠴᠦᠯᠯᠡᠷᠭᠡᠭᠵᠢᠯ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠪᠦᠬᠦ ᠪᠦᠮᠪᠦᠷᠴᠡᠭ ᠤᠨ ᠠᠮᠢ ᠠᠬᠤᠢ ᠶᠢᠨ ᠪᠤᠯᠪᠠᠰᠤᠨ ᠤ ᠦᠷ᠎ᠡ ᠪᠦᠳᠦᠮᠵᠢ ᠶᠢ ᠬᠠᠮᠳᠤ ᠪᠠᠷ ᠡᠬᠦᠳᠴᠤ ᠬᠠᠮᠳᠤ ᠪᠠᠷ ᠡᠳ᠋ᠯᠡᠵᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠶᠢ ᠬᠦᠰᠡᠵᠤ ᠪᠠᠶᠢᠨ᠎ᠡ ᠬᠡᠵᠤ ᠵᠢᠭᠠᠵᠦ ᠭᠠᠷᠭᠠᠪᠠ᠃
ᠡᠸᠦ ᠶᠠᠩ ᠰᠢᠶᠤᠤ ᠂ ᠦᠪᠦᠷ ᠮᠤᠩᠭᠤᠯ ᠪᠤᠯ ᠳᠤᠮᠳᠠᠳᠤ ᠤᠯᠤᠰ ᠤᠨ ᠤᠮᠠᠷᠠᠳᠤ ᠶᠢᠨ ᠳᠠᠯᠠᠪᠠᠢ ᠪᠠᠷ ᠬᠠᠮᠤᠭ ᠶᠡᠭᠡ᠂ ᠲᠦᠷᠦᠯ ᠵᠦᠢᠯ ᠢᠶᠠᠷ ᠬᠠᠮᠤᠭ ᠪᠦᠷᠢᠨ ᠠᠮᠢ ᠠᠬᠤᠢ ᠶᠢᠨ ᠴᠢᠳᠠᠪᠬᠢᠳᠤ ᠤᠷᠤᠨ ᠂ ᠮᠦᠨ ᠴᠤ ᠪᠦᠬᠦ ᠪᠦᠮᠪᠦᠷᠴᠡᠭ ᠤᠨ ᠴᠦᠯᠯᠡᠷᠭᠡᠭᠵᠢᠯ ᠪᠠ ᠡᠯᠡᠰᠤᠷᠭᠡᠭᠵᠢᠯ ᠬᠠᠮᠤᠭ ᠠᠴᠠ ᠲᠦᠪᠯᠡᠷᠡᠭᠰᠡᠨ ᠭᠠᠵᠠᠷ ᠤᠷᠤᠨ ᠤ ᠨᠢᠭᠡ ᠂ ᠪᠢᠳᠡ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠂ ᠦᠪᠦᠷ ᠮᠤᠩᠭᠤᠯ ᠤᠨ ᠨᠤᠭᠤᠭᠠᠨ ᠦᠩᠬᠡ ᠶᠢ ᠰᠠᠶᠢᠳᠤᠷ ᠰᠠᠬᠢᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ᠴᠦᠯᠯᠡᠷᠭᠡᠭᠵᠢᠭᠰᠡᠨ ᠠᠮᠢ ᠠᠬᠤᠢ ᠶᠢᠨ ᠰᠢᠰᠲ᠋ᠧᠮ ᠦᠷ᠎ᠡ ᠪᠦᠳᠦᠮᠵᠢ ᠳᠠᠰᠤᠷᠠᠯᠳᠠ ᠦᠭᠡᠢ ᠪᠠᠬᠢᠵᠢᠬᠦᠯᠦᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠬᠦᠯᠬᠦ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠵᠤ᠂ ᠠᠭᠤᠯᠠ ᠤᠰᠤ ᠬᠦᠬᠡᠷᠡᠵᠤ ᠠᠭᠤᠷ ᠠᠮᠢᠰᠬᠤᠯ ᠴᠡᠪᠡᠷᠰᠢᠭᠰᠡᠨ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃