ᠵᠤᠬᠢᠶᠠᠭᠴᠢ: ᠴᠠᠭ:2019-08-02 ᠥᠵᠡᠭᠰᠡᠨ : ᠢᠷᠡᠯᠲᠡ:
ᠪᠦᠬᠦ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠱᠠᠩᠨᠠᠨ ᠬᠦᠬᠢᠭᠦᠯᠬᠦ ᠶᠡᠭᠡ ᠬᠤᠷᠠᠯ ᠬᠦᠬᠡᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠪᠠ

 

2019 ᠣᠨ ᠤ 7 ᠳ᠋ᠤᠭᠠᠷ ᠰᠠᠷ᠎ᠠ ᠶᠢᠨ 25 ᠤ ᠦᠳᠡ ᠶᠢᠨ ᠡᠮᠤᠨ᠎ᠡ᠂ ᠪᠦᠬᠦ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠱᠠᠩᠨᠠᠨ ᠬᠦᠬᠢᠭᠦᠯᠬᠦ ᠶᠡᠭᠡ ᠬᠤᠷᠠᠯ ᠬᠦᠬᠡᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ᠂ ᠰᠢᠨᠵᠢᠯᠡᠬᠦ ᠤᠬᠠᠭᠠᠨ ᠮᠡᠷᠬᠡᠵᠢᠯ ᠤᠨᠲᠠᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠲᠠᠩᠬᠢᠮ ᠴᠠ ᠳᠠᠷᠤᠭ᠎ᠠ ᠸᠠᠩ ᡁᠢ ᠭᠠᠩ 2015—2018 ᠤᠨ ᠤ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠴᠤ ᠬᠦᠭᠵᠢᠬᠦ ᠳᠤ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠳᠡᠷᠢᠬᠦᠨ ᠤ ᠬᠠᠮᠳᠤ ᠪᠤᠯᠤᠨ ᠬᠤᠪᠢ ᠬᠦᠮᠦᠨ ᠳᠤ ᠱᠠᠩᠨᠠᠯ ᠭᠠᠷᠳᠠᠭᠤᠯᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠠᠢ᠂ ᠰᠢᠨᠵᠢᠯᠡᠬᠦ ᠤᠬᠠᠭᠠᠨ ᠮᠡᠷᠬᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂  ᠲᠠᠩᠬᠢᠮ ᠤᠨ ᠳᠠᠷᠤᠭ᠎ᠠ ᠸᠠᠩ ᡁᠢ ᠭᠠᠩ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠮᠠ ᠰᠢᠤᠸᠠᠢ ᠵᠢᠶᠦ᠋ᠨ᠂ ᠪᠠᠢ ᠢᠥᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠡᠤ ᠳᠤᠸᠠᠨ ᠶᠢᠩ᠂ ᠡᠸᠤ ᠶᠠᠩ ᠰᠢᠶᠤᠤ ᠡᠾᠦ᠋ᠢ᠂ ᠸᠠᠩ ᠵᠦᠩ ᠾᠧ ᠬᠤᠷᠠᠯ ᠳᠤ ᠤᠷᠤᠯᠴᠠᠪᠠ᠃ ᠬᠤᠷᠠᠯ ᠳᠡᠬᠡᠷ᠎ᠡ᠂ ᠯᠢ ᠵᠢᠢ ᠾᠧᠩ᠂ ᠸᠠᠩ ᡁᠢ ᠭᠠᠩ ᠪᠤᠯᠤᠨ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠱᠠᠩᠨᠠᠯ ᠬᠦᠷᠳᠡᠭᠰᠡᠨ ᠳᠦᠯᠦᠬᠡᠯᠡᠭᠴᠢ ᠳᠤ ᠱᠠᠩᠨᠠᠯ ᠭᠠᠷᠳᠠᠭᠤᠯᠵᠥ᠂ ᠱᠠᠩᠨᠠᠯ ᠬᠦᠷᠳᠡᠭᠰᠡᠨ ᠳᠦᠯᠦᠬᠡᠯᠡᠭᠴᠢ ᠦᠬᠡ ᠭᠡᠯᠡᠪᠡ᠃

ᠯᠢ ᠵᠢᠢ ᠾᠧᠩ᠂ ᠤᠷᠳᠤ ᠬᠤᠭᠤᠴᠠᠭᠠᠨ ᠤ ᠳᠤᠷᠰᠢ᠂ ᠦᠷᠬᠡᠨ ᠤᠯᠠᠨ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠳᠠᠨ ᠬᠠᠷᠠᠮ ᠦᠬᠡᠢ ᠪᠠᠷ ᠨᠡᠮᠡᠷᠢ ᠬᠠᠨᠳᠢᠪᠯᠠᠵᠤ᠂ ᠰᠢᠷᠭᠠᠭᠤ ᠬᠠᠳᠠᠭᠤᠵᠢᠯᠳᠠᠢ ᠳᠡᠮᠡᠴᠡᠵᠥ᠂ ᠬᠠᠳᠠᠭᠤ ᠪᠡᠷᠬᠡ ᠯᠠᠪᠳᠠᠭᠤᠨ ᠪᠠᠳᠤᠳᠠᠢ᠂ ᠡᠯᠪᠡᠭ ᠦᠷ᠎ᠡ ᠪᠦᠳᠦᠮᠵᠢ ᠲᠠᠢ ᠠᠵᠢᠯ ᠢ ᠦᠯᠡᠮᠵᠢᠬᠡᠨ ᠬᠢᠵᠥ᠂ ᠦᠪᠦᠷ ᠮᠤᠩᠭᠤᠯ ᠤᠨ ᠣᠳᠣᠬᠢᠴᠢᠯᠠᠬᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠵᠡᠢ ᠬᠡᠵᠥ ᠵᠢᠭᠠᠵᠥ ᠭᠠᠷᠭᠠᠪᠠ᠃ ᠳᠡᠷᠡ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠡᠮᠤᠨ᠎ᠡ ᠠᠴᠠ ᠱᠠᠩᠨᠠᠯ ᠬᠦᠷᠳᠡᠭᠰᠡᠨ ᠨᠢᠭᠡᠴᠡ ᠪᠤᠯᠤᠨ ᠬᠤᠪᠢ ᠬᠦᠮᠦᠨ ᠳᠤ ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠵᠥ᠂ ᠪᠦᠬᠦ ᠤᠷᠤᠨ ᠤ ᠡᠯ᠎ᠡ ᠠᠵᠢᠯ ᠳᠦᠷᠦᠯ ᠲᠡᠭᠡᠷ᠎ᠡ ᠭᠠᠪᠰᠢᠭᠠᠢᠢᠯᠠᠨ ᠳᠡᠮᠡᠴᠡᠵᠥ ᠪᠠᠶᠢᠭ᠎ᠠ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠳᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠬᠦᠯᠪᠡ᠃

ᠯᠢ ᠵᠢᠢ ᠾᠧᠩ᠂ ᠡᠯ᠎ᠡ ᠱᠠᠳᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠬᠦᠳᠬᠦ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠦᠢᠯᠡᠰ ᠤᠨ ᠳᠤᠬᠠᠢ ᠨᠠᠮ ᠤᠨ ᠳᠦᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠬᠦᠴᠦᠨ ᠢᠶᠠᠷ ᠢᠶᠡᠨ ᠨᠠᠶᠢᠳᠠᠪᠤᠷᠢᠵᠢᠭᠤᠯᠵᠥ᠂ ᠮᠠᠨ ᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠬᠦᠳᠴᠤ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠬᠤ ᠳᠤ ᠬᠦᠴᠦᠨ ᠪᠦᠬᠦᠢ ᠰᠢᠨᠵᠢᠯᠡᠬᠦ ᠤᠬᠠᠭᠠᠨ ᠮᠡᠷᠬᠡᠵᠢᠯ ᠤᠨ ᠳᠤᠯᠭᠠᠭᠤᠷᠢᠯᠠᠯ ᠬᠠᠩᠭᠠᠬᠤ ᠬᠡᠷᠡᠭᠳᠡᠢ᠃ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠭᠤᠤᠯ ᠲᠠᠶᠢᠯᠠᠯᠲᠤᠭᠠᠠ ᠤ ᠲᠠᠯᠠᠪᠤᠷ ᠲᠤ ᠠᠩᠬᠠᠷᠤᠯ ᠢᠶᠠᠨ ᠲᠦᠪᠯᠡᠷᠡᠭᠦᠯᠵᠤ᠂ ᠭᠤᠤᠯᠲᠠᠯᠭ᠎ᠠ ᠲᠠᠢ ᠬᠦᠷᠢᠶ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠳᠠᠬᠢ ᠰᠢᠨᠵᠢᠯᠡᠬᠦ ᠤᠬᠠᠭᠠᠠ ᠮᠡᠷᠭᠡᠵᠢᠯ ᠤᠨ ᠲᠦᠷᠦᠯ ᠵᠦᠢᠯ ᠢ ᠴᠢᠩᠭᠠᠳᠬᠠᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠠ ᠮᠡᠷᠭᠡᠵᠢᠯ ᠤᠨ ᠲᠦᠷᠦᠯ ᠵᠦᠢᠯ ᠢ ᠲᠦᠷᠭᠡᠪᠴᠢᠯᠡᠨ ᠭᠡᠷᠡᠭᠵᠢᠭᠦᠯᠵᠦ᠂ ᠬᠠᠮᠤᠭ ᠤᠨ ᠰᠠᠭᠤᠷᠢ ᠲᠠᠢ᠂ ᠬᠠᠮᠤᠭ ᠤᠨ ᠲᠤᠯᠭᠠᠮ ᠭᠡᠷᠡᠭᠴᠡᠭᠡ ᠲᠠᠢ᠂ ᠬᠠᠮᠤᠭ ᠤᠨ ᠲᠠᠪᠠᠯᠲᠠ ᠲᠠᠢ ᠪᠤᠯᠵᠦ ᠲᠡᠶᠢᠯᠬᠦ᠂ ᠬᠠᠮᠤᠭ ᠠᠴᠠ ᠲᠠᠭᠠᠭᠤᠯᠤᠨ ᠲᠠᠶᠢᠴᠢᠯᠠᠬᠤ ᠦᠢᠯᠡᠲᠦᠯ ᠲᠠᠢ ᠬᠦᠷᠢᠶ᠎ᠠ ᠶᠢ ᠬᠠᠷᠠᠭᠠᠯᠠᠠ᠂ ᠰᠢᠨᠵᠢᠯᠡᠬᠦ ᠤᠬᠠᠭᠠᠠᠴᠢ ᠲᠦᠯᠦᠪᠵᠢᠭᠦᠯᠭᠡ ᠶᠢ ᠰᠠᠶᠢᠳᠤᠷ ᠬᠢᠵᠦ᠂ ᠲᠦᠪᠯᠡᠷᠡᠭᠦᠯᠦᠨ ᠪᠤᠭᠤᠮᠲᠠ ᠰᠢᠪᠲᠤᠯᠬᠤ ᠶᠢ ᠰᠠᠶᠢᠳᠤᠷ ᠠᠳᠬᠤᠬᠤ ᠭᠡᠷᠡᠭᠲᠡᠢ᠃ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ᠠᠵᠦ ᠠᠬᠤᠢᠢᠯᠠᠯ᠂ ᠶᠡᠭᠡ ᠲᠡᠭᠡᠲᠦ ᠰᠤᠷᠭᠠᠭᠤᠯᠢ ᠪᠤᠯᠤᠨ ᠰᠢᠨᠵᠢᠯᠡᠬᠦ ᠤᠬᠠᠭᠠᠠ ᠤ ᠰᠤᠲᠤᠯᠭᠠᠠ ᠤ ᠬᠦᠷᠢᠶᠡᠯᠡᠩ ᠭᠠᠵᠠᠷ᠂ ᠬᠦᠷᠢᠶᠡᠯᠡᠩ ᠲᠤᠭᠤᠷᠢᠭ ᠵᠢᠴᠢ ᠡᠯ᠎ᠠ ᠲᠦᠷᠦᠯ ᠤᠨ ᠲᠠᠪᠴᠠᠩ ᠤᠨ ᠰᠢᠨ᠎ᠠ ᠶᠢ ᠡᠭᠦᠳᠬᠦ ᠦᠢᠯᠡᠲᠦᠯ ᠢ ᠴᠢᠬᠤᠯᠠᠴᠢᠯᠠᠵᠦ᠂ ᠤᠷᠤᠠ ᠪᠦᠰᠡ ᠶᠢᠨ ᠰᠢᠨ᠎ᠠ ᠶᠢ ᠡᠭᠦᠳᠬᠦ ᠴᠢᠲᠠᠪᠤᠷᠢ ᠶᠢ ᠪᠦᠬᠦ ᠲᠡᠯ᠎ᠠ ᠪᠠᠷ ᠲᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠠ ᠮᠡᠷᠭᠡᠵᠢᠯ ᠤᠨ ᠪᠠᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠠᠮᠢ ᠠᠬᠤᠢ ᠶᠢ ᠴᠢᠨᠠᠭᠰᠢᠲᠠ ᠰᠢᠯᠢᠲᠡᠭᠵᠢᠭᠦᠯᠵᠦ᠂ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ᠂ ᠤᠷᠮᠠᠰᠢᠭᠤᠯᠬᠤ ᠪᠠᠷ ᠤᠳᠤᠷᠢᠳᠤᠮᠵᠢ ᠪᠤᠯᠭᠠᠬᠤ ᠪᠠ ᠪᠤᠲᠠᠲᠤ ᠭᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠦᠷᠭᠡᠡ ᠤᠯᠠᠠ ᠰᠢᠨᠵᠢᠯᠡᠬᠦ ᠤᠬᠠᠭᠠᠠ ᠮᠡᠷᠭᠡᠵᠢᠯ ᠤᠨ ᠠᠵᠢᠯᠲᠠᠨ ᠢ ᠬᠦᠲᠦᠯᠦᠨ ᠵᠢᠯᠤᠭᠤᠳᠴᠤ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠡᠭᠦᠳᠦᠯᠳᠡ ᠶᠢᠨ ᠦᠷ᠎ᠡ ᠪᠦᠳᠦᠭᠡᠯ ᠢ ᠦᠨᠡᠡ ᠪᠤᠲᠠᠲᠠᠢ ᠠᠵᠦ ᠦᠢᠯᠡᠰ ᠤᠨ ᠠᠵᠢᠯᠯᠠᠭ᠎ᠠ ᠪᠤᠯᠭᠠᠠ ᠬᠤᠪᠢᠷᠠᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠲᠠ ᠶᠢ ᠠᠬᠢᠭᠤᠯᠬᠤ ᠪᠤᠲᠠᠲᠤ ᠬᠦᠲᠡᠯᠭᠡᠬᠦ ᠬᠦᠴᠤᠨ ᠪᠤᠯᠭᠠᠠ ᠬᠤᠪᠢᠷᠠᠭᠤᠯᠬᠤ ᠬᠡᠷᠡᠭᠲᠡᠢ᠃ ᠴᠢᠲᠠᠪᠤᠷᠢᠲᠠᠠ ᠢ ᠨᠢᠭᠡᠲᠦᠭᠡᠷ ᠡᠬᠢ ᠪᠠᠶᠠᠯᠢᠭ ᠪᠤᠯᠭᠠᠬᠤ ᠶᠢ ᠪᠠᠷᠢᠮᠲᠠᠯᠠᠵᠦ᠂ ᠴᠢᠲᠠᠪᠤᠷᠢᠲᠠᠠ ᠤ ᠦᠨᠲᠦᠷᠯᠢᠭ ᠭᠠᠵᠠᠷ ᠢ ᠶᠡᠭᠡ ᠪᠠᠷ ᠪᠠᠶᠢᠭᠤᠯᠵᠦ᠂ ᠰᠢᠨᠵᠢᠯᠡᠬᠦ ᠤᠬᠠᠭᠠᠠ ᠮᠡᠷᠭᠡᠵᠢᠯ ᠤᠨ ᠡᠷᠲᠡᠮᠲᠡᠡ ᠴᠢᠲᠠᠪᠤᠷᠢᠲᠠᠠ ᠢ ᠲᠦᠪᠯᠡᠷᠡᠭᠦᠯᠦᠨ ᠭᠡᠷᠡᠭᠯᠡᠬᠦ ᠬᠡᠷᠡᠭᠲᠡᠢ᠃ ᠨᠠᠮ ᠤᠨ ᠤᠲᠤᠷᠢᠲᠤᠯᠭ᠎ᠠ ᠶᠢ ᠦᠨᠡᠡ ᠬᠦ ᠴᠢᠩᠭᠠᠳᠬᠠᠵᠦ᠂ ᠰᠢᠨᠵᠢᠯᠡᠬᠦ ᠤᠬᠠᠭᠠᠠ ᠮᠡᠷᠭᠡᠵᠢᠯ ᠤᠨ ᠦᠢᠯᠡᠰ ᠤᠨ ᠬᠦᠭᠵᠢᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠲᠡᠢ᠃ 《ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠤᠤᠯ ᠰᠡᠲᠦᠪᠲᠦ ᠬᠦᠮᠦᠵᠢᠯ ᠦᠷᠨᠢᠭᠦᠯᠬᠦ ᠪᠠᠷ ᠠᠵᠠ ᠲᠤᠬᠢᠶᠠᠯ ᠪᠤᠯᠭᠠᠠ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠲᠠᠯ᠎ᠠ ᠪᠠᠷ ᠬᠢ ᠲᠤᠲᠠᠭᠤᠲᠠᠯ ᠢ ᠨᠠᠷᠢᠨ ᠬᠢᠨᠠᠮᠠᠭᠠᠢ ᠪᠠᠶᠢᠴᠠᠭᠠᠠ ᠦᠵᠡᠵᠦ᠂ ᠬᠠᠷᠠᠯᠳᠠ ᠲᠠᠢ ᠪᠠᠷ ᠰᠤᠮᠤ ᠬᠠᠷᠪᠤᠵᠤ ᠠᠵᠢᠯ ᠢᠶᠠᠨ ᠰᠠᠶᠢᠨ ᠬᠢᠬᠦ ᠬᠡᠷᠡᠭᠲᠡᠢ᠃ ᠨᠠᠮ ᠵᠠᠰᠠᠭ ᠤᠨ ᠤᠲᠤᠷᠢᠳᠬᠤ ᠺᠠᠳ᠋ᠷ ᠤᠨ ᠰᠢᠯᠢᠲᠡᠭ ᠴᠢᠲᠠᠪᠤᠷᠢᠲᠠᠠ ᠲᠠᠢ ᠬᠠᠷᠢᠯᠴᠠᠬᠤ ᠲᠦᠷᠢᠮ ᠢ ᠪᠠᠶᠢᠭᠤᠯᠤᠨ ᠲᠡᠭᠦᠯᠲᠡᠷᠵᠢᠭᠦᠯᠵᠦ᠂ ᠦᠷᠭᠡᠡ ᠤᠯᠠᠠ ᠰᠢᠨᠵᠢᠯᠡᠬᠦ ᠤᠬᠠᠭᠠᠠ ᠮᠡᠷᠭᠡᠵᠢᠯ ᠤᠨ ᠠᠵᠢᠯᠲᠠᠨ ᠢ ᠤᠷᠬᠢᠯᠤᠮ᠎ᠠ ᠬᠠᠯᠠᠭᠤᠨ ᠰᠡᠳᠭᠢᠯᠭᠡ ᠲᠠᠢ ᠪᠠᠷ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠦᠢᠯᠡᠰ ᠲᠤ ᠤᠷᠤᠯᠴᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃


   :                    
   :           
备案序号:蒙ICP备05003250号 公安备案15010502000173