ᠵᠤᠬᠢᠶᠠᠭᠴᠢ:
ᠴᠠᠭ:2019-08-01
ᠥᠵᠡᠭᠰᠡᠨ : ℃
ᠢᠷᠡᠯᠲᠡ:
ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠤᠳᠤᠷᠢᠳᠬᠤ ᠺᠠᠳ᠋ᠷ 8•1 ᠴᠡᠷᠢᠭ ᠤᠨ ᠶᠠᠪᠤᠳᠠᠯ ᠤᠨ ᠡᠳᠤᠷ ᠤᠨ ᠠᠵᠢᠯᠯᠠᠭ᠎ᠠ ᠳᠤ ᠤᠷᠤᠯᠴᠠᠪᠠ ᠯᠢ ᠵᠢᠢ ᠡᡁᠧᠩ ᠶᠠᠷᠢᠶ᠎ᠠ ᠲᠠᠯᠪᠢᠵᠦ ᠪᠦ᠋ ᠰᠢᠶᠤᠤ ᠯᠢᠨ ᠮᠠ ᠴᠢᠩ ᠯᠸᠢ ᠤᠷᠤᠯᠴᠠᠵᠠᠢ
8 •1 ᠴᠡᠷᠢᠭ ᠪᠠᠶᠢᠭᠤᠯᠤᠬᠳᠠᠭᠰᠠᠠ ᠪᠠᠶᠠᠷ ᠪᠤᠯᠬᠤ ᠲᠠᠰᠢᠷᠠᠮ ᠢᠶᠠᠷ᠂ 7 ᠰᠠᠷ᠎ᠠ ᠶᠢᠨ 30 ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠶᠡᠷᠤᠩᠬᠡᠶᠢᠯᠡᠭᠰᠡᠡ ᠪᠤᠯᠪᠠᠰᠤᠷᠠᠯ ᠤᠨ ᠭᠠᠵᠠᠷ ᠲᠤ ᠬᠦᠷᠴᠦ᠂ 8•1 ᠴᠡᠷᠢᠭ ᠤᠨ ᠶᠠᠪᠤᠳᠠᠯ ᠤᠨ ᠡᠳᠤᠷ ᠤᠨ ᠠᠵᠢᠯᠯᠠᠭ᠎ᠠ ᠳᠤ ᠤᠷᠤᠯᠴᠠᠪᠠ᠃
ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠨᠢᠬᠡᠳᠤᠭᠡᠷ ᠱᠦᠵᠢ ᠯᠢ ᠵᠢᠢ ᠡᡁᠧᠩ ᠠᠵᠢᠯᠯᠠᠭ᠎ᠠ ᠳᠤ ᠤᠷᠤᠯᠴᠠᠵᠤ ᠶᠠᠷᠢᠶ᠎ᠠ ᠲᠠᠯᠪᠢᠪᠠ᠃ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ᠂ ᠦᠪᠡᠷᠲᠡᠭᠡᠡ ᠵᠠᠰᠠᠬᠤ ᠤᠷᠤᠨ ᠤ ᠤᠯᠤᠰ ᠤᠨ ᠪᠠᠲᠤᠯᠠᠠ ᠬᠠᠮᠠᠭᠠᠯᠠᠯᠲᠠ ᠶᠢᠨ ᠲᠠᠶᠢᠴᠢᠯᠠᠯᠲᠠ ᠶᠢᠨ ᠵᠦᠪᠯᠡᠯ ᠤᠨ ᠡᠷᠬᠢᠯᠡᠭᠴᠢ ᠪᠦ᠋ ᠰᠢᠶᠤᠤ ᠯᠢᠨ᠂ ᠦᠪᠡᠷᠲᠡᠭᠡᠡ ᠵᠠᠰᠠᠬᠤ ᠤᠷᠤᠨ ᠤ ᠤᠲᠤᠷᠢᠲᠤᠯᠭ᠎ᠠ ᠯᠢᠠ ᠱᠤᠤ ᠴᠦᠨ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠡᡁᠧ ᠶᠠᠠ ᠯᠢᠩ᠂ ᠡᠸᠤ ᠶᠠᠩ ᠰᠢᠶᠤᠤ ᠂ ᠸᠠᠩ ᠵᠦᠩ ᠡᡁᠧ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠠᠳ᠋ᠯᠠᠭᠴᠢ ᠮᠠ ᠴᠢᠩ ᠯᠸᠢ᠂ ᠲᠡᠳ᠋ ᠺᠤᠮᠠᠠᠳ᠋ᠯᠠᠭᠴᠢ ᠵᠠᠩ ᠶᠢᠩ ᠺᠦᠢ᠂ ᠲᠡᠳ᠋ ᠺᠤᠮᠢᠰᠰᠡᠷ ᠯᠢ ᠱᠤᠤ ᠵᠢᠶᠦ᠋ᠨ ᠠᠵᠢᠯᠯᠠᠭ᠎ᠠ ᠳᠤ ᠤᠷᠤᠯᠴᠠᠵᠠᠢ᠃
ᠦᠲᠡ ᠶᠢᠨ ᠡᠮᠦᠨᠡᠬᠢ 9 ᠴᠠᠭ ᠤᠨ ᠦᠶ᠎ᠠ ᠪᠠᠷ᠂ ᠯᠢ ᠵᠢᠢ ᠡᡁᠧᠩ᠂ ᠪᠦ᠋ ᠰᠢᠶᠤᠤ ᠯᠢᠠ ᠨᠠᠷ ᠴᠡᠷᠢᠭ ᠤᠨ ᠬᠤᠪᠴᠠᠰᠤ ᠡᠮᠦᠰᠴᠤ᠂ ᠠᠩᠬᠠᠲᠤᠭᠠᠷ ᠬᠤᠭᠤᠴᠠᠭᠠᠠ ᠤ ᠤᠯᠠᠠ ᠲᠦᠮᠡᠡᠴᠢ ᠴᠢᠨᠠᠷᠲᠠᠢ ᠴᠡᠷᠢᠭ ᠴᠡᠷᠢᠭ ᠤᠨ ᠡᠷᠲᠡᠮ ᠤᠨ ᠮᠦᠷᠦ᠋ᠢᠴᠡᠬᠡᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠵᠦ᠂ ᠬᠠᠷᠢᠭᠤ ᠮᠡᠲᠡᠭᠦᠯᠦᠯᠲᠡ ᠶᠢᠨ ᠲᠤᠭᠯᠠᠯᠲᠠ ᠶᠢ ᠰᠤᠨᠢᠷᠬᠠᠵᠠᠢ᠃ ᠴᠠᠭᠲᠠᠭᠠᠠ ᠰᠢᠲᠠᠮ ᠪᠠᠮᠪᠠᠢ ᠶᠢᠨ ᠲᠠᠮᠢᠷ᠂ ᠵᠢᠯᠤᠭᠤᠴᠢ ᠦᠭᠡᠢ ᠨᠢᠰᠭᠡᠯ᠂ ᠡᠷᠦᠭᠡ ᠶᠢᠨ ᠴᠡᠷᠢᠭ ᠤᠨ ᠶᠡᠭᠡ ᠫᠤᠤᠲᠦ ᠠᠩᠭᠢ ᠶᠢᠨ ᠬᠤᠪᠢᠶᠠᠷᠢ ᠠᠩᠭᠢ ᠶᠢᠨ ᠫᠤᠤᠲᠠᠯᠭ᠎ᠠ᠂ ᠡᠷᠦᠭᠡ ᠶᠢᠨ ᠴᠡᠷᠢᠭ ᠤᠨ ᠬᠦᠩᠭᠡᠡ ᠵᠡᠪᠰᠡᠭ ᠤᠨ ᠬᠠᠷᠪᠤᠯᠲᠠ ᠵᠡᠷᠭᠡ ᠬᠢᠴᠢᠶᠡᠯ ᠢ ᠲᠤᠬᠠᠢ ᠶᠢᠨ ᠲᠠᠯᠠᠪᠠᠢ ᠳᠤ ᠪᠤᠯᠪᠠᠰᠤᠷᠠᠵᠦ᠂ ᠪᠦᠬᠦ ᠤᠷᠤᠨ ᠤ ᠤᠯᠠᠠ ᠲᠦᠮᠡᠡᠴᠢ ᠴᠢᠨᠠᠷᠲᠠᠢ ᠠᠵᠢᠯ ᠤᠨ ᠪᠠᠶᠢᠷᠢ ᠶᠢᠨ ᠴᠡᠷᠢᠭ ᠤᠨ ᠪᠤᠯᠪᠠᠰᠤᠷᠠᠭᠤᠯᠤᠯ ᠴᠢᠨᠠᠷᠲᠠᠢ ᠠᠮᠵᠢᠯᠲᠠ ᠤᠯᠤᠭᠰᠠᠠ ᠢ ᠬᠠᠷᠠᠭᠤᠯᠪᠠ᠃ ᠤᠯᠠᠠ ᠢᠶᠠᠷ ᠢᠶᠠᠨ ᠮᠠ ᠴᠢᠩ ᠯᠸᠢ ᠶᠢᠨ ᠬᠢᠭᠰᠡᠡ ᠲᠤᠰᠬᠠᠢ ᠰᠡᠲᠦᠪᠲᠦ ᠬᠠᠪᠰᠤᠷᠤᠠ ᠵᠢᠯᠤᠭᠤᠳᠬᠤ ᠮᠡᠲᠡᠭᠦᠯᠦᠯᠲᠡ ᠶᠢ ᠰᠤᠨᠤᠰᠴᠤ᠂ ᠪᠠᠴᠢᠮ ᠪᠠᠶᠢᠲᠠᠯ ᠠᠴᠠ ᠵᠠᠪᠲᠤᠨ ᠠᠪᠤᠷᠠᠬᠤ ᠲᠤᠨᠤᠭᠯᠠᠯ ᠤᠨ ᠭᠡᠷᠡᠭᠰᠡᠯ ᠤᠨ ᠦᠵᠡᠭᠦᠯᠭᠡ ᠶᠢ ᠲᠣᠭᠤᠷᠢᠨ ᠦᠵᠡᠵᠡᠢ᠃
ᠯᠢ ᠵᠢᠢ ᠡᡁᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠡᠮᠦᠨ᠎ᠡ ᠠᠴᠠ ᠦᠪᠤᠷ ᠮᠤᠩᠭᠤᠯ ᠤᠨ ᠴᠡᠷᠢᠭ ᠤᠨ ᠲᠤᠭᠤᠷᠢᠬ᠂ ᠦᠪᠡᠷᠳᠡᠬᠡᠨ ᠵᠠᠰᠠᠬᠤ ᠤᠷᠤᠨ ᠳᠤ ᠰᠠᠭᠤᠭ᠎ᠠ ᠡᠯ᠎ᠠ ᠴᠡᠷᠢᠭ ᠤᠨ ᠲᠦᠷᠤᠯ᠂ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠪᠤᠯᠤᠨ ᠦᠷᠬᠡᠨ ᠤᠯᠠᠨ ᠡᠷᠤᠬᠡ ᠶᠢᠨ ᠴᠡᠷᠢᠭ ᠤᠨ ᠪᠡᠯᠡᠳᠭᠡᠯ ᠠᠯᠪᠠᠨ ᠤ ᠲᠠᠷᠤᠭ᠎ᠠ ᠪᠠᠶᠢᠯᠳᠤᠬᠴᠢ ᠳᠤ ᠴᠢᠩ ᠰᠡᠳᠬᠢᠯ ᠤᠨ ᠮᠠᠨᠳᠤᠴᠢᠯᠠᠯ ᠲᠡᠪᠰᠢᠭᠦᠯᠪᠡ᠃ ᠲᠡᠷᠡ᠂ ᠪᠢᠳᠡ 92 ᠵᠢᠯ ᠤᠨ ᠡᠮᠤᠨᠡᠬᠢ ᠵᠠᠮ ᠢᠶᠠᠷ ᠡᠳᠦᠭᠡ ᠪᠤᠯᠳᠠᠯ᠎ᠠ ᠠᠶᠠᠯᠠᠵᠤ ᠢᠷᠡᠯ᠎ᠡ᠂ ᠤᠬ ᠰᠠᠨᠠᠭ᠎ᠠ ᠪᠠᠨ ᠦᠯᠥ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠲᠠᠶᠠᠬᠳᠠᠵᠤ ᠪᠤᠯᠬᠤ ᠦᠬᠡᠢ᠂ ᠭᠤᠤᠯ ᠰᠡᠳᠤᠪᠳᠤ ᠬᠦᠮᠤᠵᠢᠯ᠂ ᠰᠤᠷᠤᠯᠴᠠᠯᠭ᠎ᠠ ᠪᠤᠯᠪᠠᠰᠤᠷᠠᠯ ᠢᠶᠠᠷ ᠲᠠᠮᠵᠢᠭᠤᠯᠵᠤ᠂ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠠᠨ ᠴᠡᠷᠢᠭ ᠬᠦᠮᠤᠨ ᠤ ᠠᠮᠢ ᠨᠠᠰᠤ ᠰᠦᠭ ᠰᠦᠨᠡᠰᠤ ᠳᠤ ᠠᠭᠤᠰᠤᠯᠴᠠᠭᠤᠯᠬᠤ ᠭᠡᠷᠡᠭᠳᠠᠢ᠃ ᠠᠮᠤᠷ ᠲᠦᠪᠰᠢᠨ ᠦᠶ᠎ᠡ ᠳᠡᠭᠡᠨ ᠠᠶᠤᠯ ᠲᠦᠭᠰᠢᠬᠦᠷᠢ ᠶᠢ ᠦᠯᠦ ᠮᠠᠷᠳᠠᠬᠤ ᠦᠵᠡᠯᠳᠠ ᠶᠢ ᠪᠤᠢ ᠪᠤᠯᠭᠠᠵᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠤ ᠲᠤᠭᠳᠠᠭᠤᠨ ᠬᠠᠯᠬᠠᠪᠴᠢ ᠶᠢ ᠪᠠᠶᠢᠭᠤᠯᠬᠤ ᠤᠯᠤᠰ ᠲᠦᠷᠤ ᠶᠢᠨ ᠱᠠᠭᠠᠷᠳᠠᠯᠭ᠎ᠠ ᠪᠠᠷ ᠭᠤᠤᠯᠯᠠᠭᠤᠯᠵᠤ᠂ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠪᠦᠯᠬᠦᠮᠳᠡᠨ ᠨᠢᠬᠳᠠᠷᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠲᠡᠮᠵᠢᠵᠤ᠂ ᠭᠠᠷ ᠬᠤᠯᠪᠤᠨ ᠲᠡᠮᠡᠴᠡᠵᠤ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠤᠬᠡᠨ ᠪᠠᠶᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
ᠯᠢ ᠵᠢᠢ ᠡᡁᠧᠩ᠂ ᠡᠨᠡ ᠤᠳᠠᠭ᠎ᠠ ᠶᠢᠨ ᠤᠯᠠᠨ ᠲᠦᠮᠡᠨᠴᠢ ᠴᠢᠨᠠᠷᠳᠠᠢ ᠴᠡᠷᠢᠭ ᠪᠤᠯᠪᠠᠰᠤᠷᠠᠭᠤᠯᠵᠤ ᠴᠡᠷᠢᠭ ᠤᠨ ᠡᠷᠳᠡᠮ ᠤᠨ ᠮᠦᠷᠦ᠋ᠢᠴᠡᠬᠡᠨ ᠪᠤᠯ ᠵᠢᠩᠬᠢᠨᠢ ᠪᠠᠶᠢᠯᠳᠤᠭᠠᠨᠴᠢᠯᠠᠬᠰᠠᠨ ᠪᠤᠯᠪᠠᠰᠤᠷᠠᠯ ᠤᠨ ᠴᠢᠬᠤᠯᠠ ᠢᠯᠡᠷᠡᠯ ᠪᠤᠯᠤᠨ᠎ᠠ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠲᠠᠶᠢᠨ ᠬᠢᠵᠤ ᠲᠡᠶᠢᠯᠬᠦ᠂ ᠢᠯᠠᠭᠤᠬᠰᠠᠨ ᠲᠠᠶᠢᠨ ᠬᠢᠬᠦ ᠰᠢᠯᠢᠳᠡᠭ ᠰᠤᠷᠳᠠᠯ ᠢᠶᠠᠨ ᠦᠷᠬᠦᠯᠵᠢᠯᠠᠨ ᠪᠠᠳᠠᠷᠠᠭᠤᠯᠵᠤ᠂ ᠵᠢᠩᠬᠢᠨᠢ ᠪᠠᠶᠢᠯᠳᠤᠭᠠᠨ ᠳᠤ ᠠᠩᠬᠠᠷᠤᠯ ᠢᠶᠠᠨ ᠲᠦᠪᠯᠡᠷᠡᠬᠦᠯᠵᠤ᠂ ᠪᠠᠶᠢᠩᠭᠤ ᠪᠡᠯᠡᠳᠬᠡᠨ ᠴᠢᠩᠭ᠎ᠠ ᠪᠤᠯᠪᠠᠰᠤᠷᠠᠯ ᠬᠢᠵᠤ᠂ ᠰᠢᠨ᠎ᠠ ᠴᠠᠬ ᠦᠶ᠎ᠠ ᠶᠢᠨ ᠪᠠᠶᠢᠯᠳᠤᠭᠠᠨ ᠤ ᠪᠡᠯᠡᠳᠬᠡᠯ ᠤᠨ ᠲᠦᠪᠰᠢᠨ ᠪᠤᠯᠤᠨ ᠵᠢᠩᠬᠢᠨᠢ ᠪᠠᠶᠢᠯᠳᠤᠭᠠᠨ ᠤ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠶᠡᠭᠡ ᠪᠠᠷ ᠲᠡᠮᠵᠢᠨ ᠢᠳᠡᠪᠬᠢᠳᠠᠢ ᠪᠠᠷ ᠤᠷᠤᠯᠴᠠᠵᠤ᠂ ᠴᠡᠷᠢᠭ ᠠᠩᠬᠢ ᠪᠠ ᠤᠷᠤᠨ ᠨᠤᠲᠤᠭ ᠬᠤᠶᠠᠷ ᠲᠠᠯ᠎ᠠ ᠨᠢᠭᠳᠠ ᠬᠠᠮᠵᠢᠯᠴᠠᠵᠤ᠂ ᠨᠢᠭᠡ ᠴᠢᠭᠯᠡᠯ ᠢᠶᠠᠷ ᠭᠦᠴᠤᠯᠠᠭᠦ ᠶᠢ ᠠᠬᠢᠭᠤᠯᠬᠤ ᠭᠡᠷᠡᠭᠳᠠᠢ᠃ ᠴᠡᠷᠢᠭ ᠠᠩᠬᠢ ᠪᠠ ᠤᠷᠤᠨ ᠨᠤᠲᠤᠭ ᠬᠤᠯᠪᠤᠭᠠᠯᠠᠨ ᠵᠢᠯᠤᠭᠤᠳᠬᠤ ᠪᠠᠶᠢᠭᠤᠯᠤᠮᠵᠢ ᠪᠠᠶᠢᠭᠤᠯᠤᠨ ᠲᠡᠭᠦᠯᠳᠡᠷᠵᠢᠭᠦᠯᠵᠤ᠂ ᠲᠠᠪᠴᠠᠩ ᠪᠠᠶᠢᠭᠤᠯᠬᠤ᠂ ᠪᠤᠯᠪᠠᠰᠤᠷᠠᠯ ᠢ ᠠᠳᠬᠤᠬᠤ᠂ ᠬᠤᠯᠪᠤᠭᠠᠯᠠᠨ ᠰᠤᠷᠢᠯᠳᠠ ᠬᠢᠭᠦ ᠵᠡᠷᠭᠡ ᠠᠷᠭ᠎ᠠ ᠠᠪᠴᠠᠯ ᠢ ᠠᠪᠴᠤ ᠵᠢᠯᠤᠭᠤᠳᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠡᠷᠤᠭᠡ ᠶᠢᠨ ᠴᠡᠷᠢᠭ ᠤᠨ ᠡᠬᠢ ᠪᠠᠶᠠᠯᠢᠭ ᠢ ᠤᠯᠠᠮ ᠴᠢᠨᠠᠭᠰᠢᠳᠠ ᠰᠢᠯᠢᠳᠡᠭᠵᠢᠭᠦᠯᠵᠤ᠂ ᠴᠡᠷᠢᠭ ᠤᠨ ᠤᠷᠤᠨ ᠲᠤᠭ᠎ᠠ ᠳᠤ ᠤᠷᠤᠭᠤᠯᠬᠤ ᠠᠷᠭ᠎ᠠ ᠵᠠᠮ ᠢ ᠦᠷᠭᠡᠳᠭᠡᠵᠤ᠂ ᠴᠡᠷᠢᠭ ᠤᠨ ᠤᠷᠤᠨ ᠲᠤᠭ᠎ᠠ ᠳᠤ ᠤᠷᠤᠭᠤᠯᠬᠤ ᠠᠷᠭ᠎ᠠ ᠵᠠᠮ ᠢ ᠰᠢᠨᠡᠴᠢᠯᠡᠵᠤ᠂ ᠰᠢᠨ᠎ᠠ ᠪᠠᠷ ᠪᠠᠶᠢᠭᠤᠯᠤᠭᠰᠠᠨ ᠡᠷᠤᠭᠡ ᠶᠢᠨ ᠴᠡᠷᠢᠭ ᠤᠨ ᠭᠦᠴᠤᠨ ᠤ ᠬᠠᠷᠢᠴᠠᠯ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠡᠷᠤᠭᠡ ᠶᠢᠨ ᠴᠡᠷᠢᠭ ᠤᠨ ᠪᠤᠯᠪᠠᠰᠤᠷᠠᠯ ᠤᠨ ᠲᠤᠭᠳᠠᠴᠠ᠂ ᠠᠵᠢᠯ ᠤᠨ ᠪᠠᠶᠢᠷᠢᠨ ᠳᠤ ᠭᠠᠷᠬᠤ ᠠᠴᠠ ᠡᠮᠤᠨᠡᠬᠢ ᠪᠤᠯᠪᠠᠰᠤᠷᠠᠯ ᠤᠨ ᠵᠦᠷᠢᠴᠠᠯ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠤᠷᠢᠯᠠᠵᠤ᠂ ᠡᠷᠤᠭᠡ ᠶᠢᠨ ᠴᠡᠷᠢᠭ ᠤᠨ ᠡᠩᠨᠡᠭᠡ ᠬᠡᠮᠡᠭᠦ ᠡᠨᠡ ᠭᠦ ᠰᠢᠨ᠎ᠠ ᠭᠦᠴᠤᠨ᠂ ᠭᠠᠪᠰᠢᠭᠠᠢ ᠠᠩᠬᠢ ᠶᠢ ᠰᠠᠶᠢᠳᠤᠷ ᠭᠡᠷᠡᠭᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠤᠯᠤᠨ ᠪᠡᠯᠡᠳᠭᠡᠯ ᠭᠦᠴᠤᠨ ᠤ ᠪᠠᠶᠢᠭᠤᠯᠤᠯᠳᠠ ᠶᠢᠨ ᠠᠵᠢᠯ ᠦᠢᠯᠡᠰ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠭᠡᠷᠡᠭᠳᠠᠢ ᠬᠡᠵᠥ ᠵᠢᠭᠠᠵᠥ ᠭᠠᠷᠭᠠᠪᠠ᠃
ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠠᠵᠢᠯᠯᠠᠭ᠎ᠠ ᠳᠤ ᠤᠷᠤᠯᠴᠠᠪᠠ᠃