ᠵᠤᠬᠢᠶᠠᠭᠴᠢ:
ᠴᠠᠭ:2019-07-26
ᠥᠵᠡᠭᠰᠡᠨ : ℃
ᠢᠷᠡᠯᠲᠡ:
ᠵᠢᠷᠭᠤᠳᠤᠭᠠᠷ ᠬᠤᠭᠤᠴᠠᠭᠠᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠯᠢᠳᠡᠭ ᠦᠷ᠎ᠡ ᠪᠦᠲᠦᠭᠡᠯ ( ᠣᠨ ᠤ ᠣᠶᠢᠯᠠᠪᠤᠷᠢ ᠶᠢᠨ ᠲᠥᠷᠥᠯ ) ᠢ ᠬᠢᠨᠠᠨ ᠲᠣᠭᠲᠠᠭᠠᠬᠤ ᠰᠢᠷᠢᠰ ᠬᠤᠷᠠᠯ ᠵᠡᠷᠭᠡ 《 ᠭᠤᠷᠪᠠᠨ ᠬᠤᠷᠠᠯ 》 ᠭᠢᠷᠢᠨ ᠬᠣᠲᠠ ᠳᠤ ᠶᠠᠪᠤᠭᠳᠠᠪᠠ
2019 ᠣᠨ ᠤ 7 ᠳ᠋ᠤᠭᠠᠷ ᠰᠠᠷ᠎ᠠ ᠶᠢᠨ 23 ᠦ ᠡᠳᠦᠷ ᠂ ᠵᠢᠷᠭᠤᠳᠤᠭᠠᠷ ᠬᠤᠭᠤᠴᠠᠭᠠᠨ ᠤ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠯᠢᠳᠡᠭ ᠦᠷ᠎ᠡ ᠪᠦᠲᠦᠭᠡᠯ ( ᠣᠨ ᠤ ᠣᠶᠢᠯᠠᠪᠤᠷᠢ ᠶᠢᠨ ᠲᠥᠷᠥᠯ ) ᠢ ᠬᠢᠨᠠᠨ ᠲᠣᠭᠲᠠᠭᠠᠬᠤ ᠰᠢᠷᠢᠰ ᠬᠤᠷᠠᠯ ᠂ ᠳᠤᠮᠳᠠᠳᠤ ᠤᠯᠤᠰ ᠤᠨ ᠣᠨ ᠤ ᠣᠶᠢᠯᠠᠪᠤᠷᠢ ᠶᠢᠨ ᠰᠣᠳᠣᠨ ᠪᠦᠲᠦᠭᠡᠯ ᠦᠨ ᠢᠨᠵᠧᠨᠧᠷᠢᠩ ᠤᠨ 2019 ᠣᠨ ᠦ ᠪᠣᠳᠢ ᠶᠢ ᠭᠤᠶᠤᠴᠢᠯᠠᠨ ᠮᠡᠳᠡᠭᠦᠯᠬᠦ ᠣᠨ ᠤ ᠣᠢᠯᠠᠪᠤᠷᠢ ᠶᠢᠨ ᠭᠠᠷᠴᠠᠭ ᠤᠨ ᠰᠤᠳᠤᠯᠤᠨ ᠶᠠᠷᠢᠯᠴᠠᠬᠤ ᠬᠤᠷᠠᠯ ᠂ ᠳᠥᠷᠪᠡᠳᠦᠭᠡᠷ ᠬᠤᠭᠤᠴᠠᠭᠠᠨ ᠤ ᠪᠥᠬᠥ ᠤᠯᠤᠰ ᠤᠨ ᠣᠨ ᠤ ᠣᠶᠢᠯᠠᠪᠤᠷᠢ ᠶᠢᠨ ᠡᠷᠬᠢᠯᠡᠨ ᠨᠠᠶᠢᠷᠠᠭᠤᠯᠤᠭᠴᠢ ᠶᠢᠨ ᠪᠣᠯᠪᠠᠰᠤᠷᠠᠭᠤᠯᠤᠯ ᠤᠨ ᠠᠩᠭᠢ ᠶᠢᠨ ᠡᠬᠢᠯᠡᠯᠲᠡ ᠶᠢᠨ ᠶᠣᠰᠣᠯᠠᠯ ᠭᠢᠷᠢᠨ ᠮᠤᠵᠢ ᠶᠢᠨ ᠭᠢᠷᠢᠨ ᠬᠣᠲᠠ ᠳᠤ ᠶᠠᠪᠤᠭᠳᠠᠪᠠ ᠃ ᠬᠤᠷᠠᠯ ᠢ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ᠂ ᠳᠤᠮᠳᠠᠳᠤ ᠤᠯᠤᠰ ᠦᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠣᠨ ᠦ ᠣᠶᠢᠯᠠᠪᠤᠷᠢ ᠶᠢᠨ ᠬᠣᠪᠢᠶᠠᠷᠢ ᠨᠡᠶᠢᠭᠡᠮᠯᠢᠭ ᠡᠴᠡ ᠭᠣᠸᠯᠯᠠᠨ ᠡᠷᠬᠢᠯᠡᠵᠦ ᠂ ᠭᠢᠷᠢᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠵᠥᠪᠯᠡᠯ ᠳᠠᠭᠠᠭᠠᠴᠢᠯᠠᠨ ᠡᠷᠬᠢᠯᠡᠵᠦ ᠂ ᠭᠢᠷᠢᠨ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠬᠠᠮᠵᠢᠯᠴᠠᠨ ᠡᠷᠬᠢᠯᠡᠪᠡ ᠃ ᠲᠤᠰ ᠶᠠᠪᠤᠭᠳᠠᠭᠤᠯᠵᠤ ᠪᠠᠶᠢᠭ᠎ᠠ ᠬᠤᠷᠠᠯ ᠪᠣᠯ ᠳᠤᠮᠳᠠᠲᠤ ᠤᠯᠤᠰ ᠤᠨ ᠣᠷᠣᠨ ᠨᠤᠲᠤᠭ ᠤᠨ ᠣᠢᠯᠠᠯᠭ᠎ᠠ ᠶᠢᠨ ᠵᠢᠯᠣᠭᠤᠳᠬᠤ ᠳᠣᠭᠣᠢᠯᠠᠩ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 70 ᠵᠢᠯ ᠦᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠳᠥᠷᠪᠡᠳᠡᠬᠢ ᠠᠵᠢᠯᠯᠠᠭ᠎ᠠ ᠪᠣᠯᠣᠨ᠎ᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠨᠠᠷᠢᠨ ᠪᠢᠴᠢᠭ ᠦᠨ ᠳᠠᠷᠤᠭ᠎ᠠ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ ᠦᠨ ᠡᠷᠬᠢᠯᠡᠭᠴᠢ ᠵᠢᠶ ᠰᠢᠶᠠᠩ ᠳ᠋ᠧ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ ᠃ ᠭᠢᠷᠢᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠵᠥᠪᠯᠡᠯ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠳᠡᠳ᠋ ᠡᠷᠬᠢᠯᠡᠭᠴᠢ ᠯᠢ ᠶᠦᠨ ᠾᠧ ᠂ ᠭᠢᠷᠢᠨ ᠬᠣᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠠᠶ ᠳ᠋ᠦᠩ ᠫᠢᠩ ᠨᠠᠷ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠣᠰ ᠲᠣᠰ ᠦᠭᠡ ᠬᠡᠯᠡᠵᠡᠶ ᠃ ᠭᠢᠷᠢᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠵᠥᠪᠯᠡᠯ ᠦᠨ ᠳᠡᠳ᠋ ᠡᠷᠬᠢᠯᠡᠭᠴᠢ ᠮᠸᠩ ᠶᠠ ᠨᠠᠨ ᠡᠬᠢᠯᠡᠬᠦ ᠶᠣᠰᠣᠯᠠᠯ ᠳᠤ ᠣᠷᠣᠯᠴᠠᠪᠠ ᠃ ᠳᠤᠮᠳᠠᠳᠤ ᠤᠯᠤᠰ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠣᠨ ᠤ ᠣᠢᠯᠠᠪᠤᠷᠢ ᠶᠢᠨ ᠭᠠᠵᠠᠷ ᠤᠨ ᠳᠠᠷᠤᠭ᠎ᠠ ᠯᠢᠦ ᠶᠦᠩ ᠴᠢᠶᠠᠩ ᠡᠬᠢᠯᠡᠯᠲᠡ ᠶᠢᠨ ᠶᠣᠰᠣᠯᠠᠯ ᠢ ᠡᠷᠭᠢᠯᠡᠪᠡ ᠃