ᠵᠤᠬᠢᠶᠠᠭᠴᠢ:
ᠴᠠᠭ:2019-07-26
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠳᠤᠬᠢᠷᠠᠯᠴᠠᠪᠠ

2019 ᠣᠨ ᠤ 7 ᠳ᠋ᠤᠭᠠᠷ ᠰᠠᠷ᠎ᠠ ᠶᠢᠨ 22 ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠪᠡᠬᠡᠵᠢᠩ ᠳᠤ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠳᠤᠬᠢᠷᠠᠯᠴᠠᠬᠤ ᠶᠤᠰᠤᠯᠠᠯ ᠶᠠᠪᠤᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠮᠠ ᠵᠢᠶᠠᠨ ᠳᠠᠩ ᠳᠤᠰ ᠳᠤᠰ ᠬᠤᠶᠠᠷ ᠳᠠᠯ᠎ᠠ ᠶᠢ ᠳᠦᠯᠦᠬᠡᠯᠡᠨ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃
ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠠᠴᠠ ᠡᠮᠤᠨ᠎ᠡ᠂ ᠪᠦ᠋ ᠰᠢᠶᠤᠤ ᠯᠢᠨ ᠪᠤᠯᠤᠨ ᠮᠠ ᠵᠢᠶᠠᠨ ᠳᠠᠩ ᠬᠤᠶᠠᠷ ᠳᠠᠯ᠎ᠠ ᠶᠢᠨ ᠬᠠᠮᠳᠤᠷᠠᠯᠴᠠᠭᠠᠨ ᠤ ᠳᠤᠬᠠᠢ ᠬᠦᠨᠵᠡᠬᠡᠢ ᠰᠤᠳᠤᠯᠤᠨ ᠶᠠᠷᠢᠯᠴᠠᠪᠠ᠃
ᠪᠦ᠋ ᠰᠢᠶᠤᠤ ᠯᠢᠨ᠂ ᠦᠢᠷ᠎ᠠ ᠶᠢᠨ ᠵᠢᠯ ᠳᠤ᠂ ᠳᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠳᠦᠪ ᠦᠪᠦᠷ ᠮᠤᠩᠭᠤᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤᠮᠳᠠ ᠳᠡᠬᠡᠳᠤ ᠳᠡᠰ ᠤᠨ ᠤᠶᠤᠨ ᠤ ᠬᠦᠮᠦᠷᠬᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠥ᠂ ᠦᠪᠦᠷ ᠮᠤᠩᠭᠤᠯ ᠤᠨ ᠰᠢᠢᠳᠪᠦᠷᠢᠳᠤ ᠪᠤᠳᠤᠯᠭ᠎ᠠ ᠳᠤᠭᠳᠠᠭᠠᠬᠤ ᠳᠤ ᠠᠯᠢ ᠤᠯᠠᠨ ᠰᠠᠶᠢᠨ ᠰᠠᠨᠠᠯ ᠰᠠᠨᠠᠭᠤᠯᠭ᠎ᠠ ᠦᠭᠴᠤ᠂ ᠴᠢᠬᠤᠯᠠ ᠬᠦᠲᠦᠯᠦᠨ ᠳᠠᠭᠠᠭᠤᠯᠬᠤ ᠦᠢᠯᠡᠳᠦᠯ ᠪᠠᠳᠠᠷᠠᠭᠤᠯᠵᠠᠢ᠃ ᠦᠪᠦᠷ ᠮᠤᠩᠭᠤᠯ ᠡᠯᠪᠡᠭ ᠳᠡᠯᠪᠡᠭ ᠪᠠᠶᠢᠭᠠᠯᠢ ᠶᠢᠨ ᠡᠬᠢ ᠪᠠᠶᠠᠯᠢᠭ᠂ ᠪᠠᠶᠠᠯᠢᠭ ᠰᠠᠶᠢᠬᠠᠨ ᠰᠤᠶᠤᠯ᠂ ᠭᠦᠨ ᠵᠤᠵᠠᠭᠠᠨ ᠦᠨᠢ ᠤᠳᠠᠭᠠᠨ ᠳᠡᠥᠬᠡ ᠲᠠᠢ᠂ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠪᠤᠯᠬᠤ ᠪᠦᠭᠡᠳ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠪᠤᠯᠤᠨ᠎ᠡ᠃ ᠶᠡᠷᠦᠩᠭᠡᠢ ᠱᠦᠵᠢ ᠰᠢ ᠶᠢᠨ ᠫᠢᠩ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠥᠪᠦᠷ ᠮᠤᠩᠭᠤᠯ ᠤᠨ ᠪᠤᠳᠠᠳᠤ ᠪᠠᠶᠢᠳᠠᠯ ᠳᠤ ᠴᠢᠭᠯᠡᠬᠦᠯᠦᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠬᠦ ᠬᠡᠷᠡᠭᠳᠠᠢ ᠭᠡᠵᠦ ᠳᠤᠷᠠᠳᠴᠤ᠂ ᠥᠪᠦᠷ ᠮᠤᠩᠭᠤᠯ ᠤᠨ ᠬᠦᠭᠵᠢᠯᠳᠠ ᠶᠢᠨ ᠴᠢᠭᠯᠡᠯ ᠢ ᠳᠤᠳᠤᠷᠬᠠᠢᠢᠯᠠᠵᠦ ᠦᠭᠴᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠲᠦᠪ ᠤᠨ ᠬᠢᠨ ᠥᠪᠦᠷ ᠮᠤᠩᠭᠤᠯ ᠤᠨ ᠬᠦᠭᠵᠢᠯᠳᠠ ᠶᠢᠨ ᠰᠡᠳᠬᠢᠮᠵᠢ᠂ ᠬᠦᠭᠵᠢᠯᠳᠠ ᠶᠢᠨ ᠠᠷᠭ᠎ᠠ ᠭᠡᠯᠪᠡᠷᠢ᠂ ᠬᠦᠭᠵᠢᠯᠳᠠ ᠶᠢᠨ ᠠᠷᠭ᠎ᠠ ᠵᠠᠮ ᠤᠨ ᠲᠤᠬᠢᠷᠠᠭᠤᠯᠤᠯᠳᠠ ᠶᠢᠨ ᠶᠠᠪᠤᠴᠠ ᠳᠤ ᠢᠳᠡᠪᠬᠢᠳᠠᠢ ᠤᠷᠤᠯᠴᠠᠵᠦ᠂ ᠥᠪᠦᠷ ᠮᠤᠩᠭᠤᠯ ᠤᠨ 《 ᠠᠷᠪᠡᠨ ᠲᠦᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ ᠪᠠᠨ ᠰᠠᠶᠢᠳᠤᠷ ᠬᠢᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠳᠤ ᠤᠶᠤᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃
ᠮᠠ ᠵᠢᠶᠠᠨ ᠲᠠᠩ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠤᠯ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠬᠢ ᠶᠢᠨ ᠠᠵᠤ ᠦᠢᠯᠡᠳᠪᠤᠷᠢ ᠶᠢᠨ ᠰᠠᠭᠤᠷᠢᠨ᠂ ᠵᠢᠱᠢᠶᠡᠴᠢ ᠦᠪᠡᠷᠲᠡᠭᠡᠨ ᠵᠠᠰᠠᠬᠤ ᠤᠷᠤᠨ ᠮᠦᠨ᠃ ᠡᠳᠡᠭᠡᠷ ᠵᠢᠯ ᠳᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠲᠤᠤᠷ᠎ᠠ᠂ ᠥᠪᠦᠷ ᠮᠤᠩᠭᠤᠯ ᠤᠨ ᠠᠵᠤ ᠠᠬᠤᠢ ᠨᠡᠶᠢᠭᠡᠮ ᠦᠷᠬᠦᠯᠵᠢᠯᠡᠨ ᠡᠷᠡᠬᠦᠯ ᠢᠶᠠᠷ ᠬᠦᠭᠵᠢᠵᠡᠢ᠃ ᠥᠪᠦᠷ ᠮᠤᠩᠭᠤᠯ ᠤᠨ ᠬᠦᠭᠵᠢᠯᠳᠠ ᠶᠢ ᠳᠡᠮᠵᠢᠬᠦ ᠨᠢ ᠳᠠᠷᠤᠢ ᠪᠦᠬᠦ ᠤᠯᠤᠰ ᠤᠨ ᠬᠦᠭᠵᠢᠯᠳᠠ ᠶᠢ ᠳᠡᠮᠵᠢᠵᠦ ᠪᠠᠶᠢᠭ᠎ᠠ ᠶᠠᠪᠤᠳᠠᠯ ᠮᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠭᠦᠯᠦᠯᠲᠡ ᠶᠢᠨ ᠰᠤᠳᠤᠯᠭᠠᠨ ᠤ ᠲᠦᠪ ᠤᠨ ᠬᠢᠨ ᠳᠤᠷᠠᠳᠠᠶ᠎ᠠ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠤᠨ ᠥᠪᠦᠷ ᠮᠤᠩᠭᠤᠯ ᠤᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠠ ᠳᠤ ᠤᠶᠤᠨ ᠤ ᠳᠡᠮᠵᠢᠯᠭᠡ ᠬᠠᠩᠭᠠᠨ᠎ᠠ ᠭᠡᠵᠦ ᠢᠯᠡᠳᠭᠡᠪᠠ᠃
ᠵᠦᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠥᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠂ 《ᠠᠷᠪᠡᠨ ᠲᠦᠷᠪᠡᠳᠦᠭᠡᠷ ᠲᠠᠪᠤᠨ ᠵᠢᠯ》 ᠤᠨ ᠲᠦᠯᠦᠪᠵᠢᠬᠦᠯᠭᠡ᠂ ᠰᠢᠢᠳᠪᠤᠷᠢᠳᠦ ᠪᠤᠳᠤᠯᠭ᠎ᠠ ᠶᠢᠨ ᠵᠦᠪᠯᠡᠯᠭᠡ ᠦᠭᠴᠤ ᠰᠤᠳᠤᠯᠭᠠᠨ ᠬᠢᠬᠦ ᠴᠢᠳᠠᠪᠤᠷᠢᠳᠠᠨ ᠢ ᠬᠦᠮᠦᠵᠢᠬᠦᠯᠬᠦ ᠵᠡᠷᠭᠡ ᠤᠯᠠᠨ ᠬᠦᠷᠢᠶᠡᠨ ᠳᠤ ᠤᠷᠳᠤ ᠬᠤᠭᠤᠴᠠᠭᠠᠨ ᠤ ᠬᠠᠮᠳᠤᠷᠠᠯᠴᠠᠭ᠎ᠠ ᠦᠷᠨᠢᠬᠦᠯᠬᠦ ᠪᠤᠯᠤᠨ᠎ᠠ᠃