ᠵᠤᠬᠢᠶᠠᠭᠴᠢ:
ᠴᠠᠭ:2019-07-15
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠲᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ

2019 ᠣᠨ ᠤ 7 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ 2016 ᠣᠨ ᠠᠴᠠ ᠨᠠᠰᠢᠬᠢ ᠮᠠᠨ ᠤ ᠤᠷᠤᠨ ᠤ ᠲᠥᠪ ᠤᠨ ᠤᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠰᠡᠳᠭᠢᠴᠡ᠂ ᠠᠷᠭ᠎ᠠ ᠬᠢᠳᠡᠯ ᠪᠤᠯᠤᠨ ᠦᠷ᠎ᠡ ᠪᠦᠳᠦᠮᠵᠢ ᠶᠢ ᠨᠡᠶᠢᠳᠡᠯᠡᠪᠡ᠃
ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠤᠤ ᠭᠠᠩ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 《ᠭᠤᠷᠪᠠᠨ ᠨᠠᠭᠤᠷ》 ᠤᠨ ᠠᠮᠢ ᠠᠬᠤᠢ ᠶᠢᠨ ᠴᠡᠭᠴᠡᠯᠡᠯᠲᠡ ᠶᠢ ᠡᠷᠡᠰ ᠠᠳᠬᠤᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠡᠨ ᠨᠡᠮᠡᠭᠳᠡᠭᠦᠯᠬᠦ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ᠂ ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 2016 ᠣᠨ ᠤ ᠠᠩᠬᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 49 ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 35 ᠶᠢ ᠪᠡᠶᠡᠯᠡᠭᠦᠯᠵᠦ᠂ ᠦᠯᠡᠳᠡᠭᠰᠡᠨ 14 ᠡᠭᠦᠷᠭᠡ ᠶᠢ ᠶᠠᠭ ᠰᠢᠮᠳᠠᠭᠤᠯᠤᠨ ᠠᠬᠢᠭᠤᠯᠵᠤ ᠪᠣᠢ᠃ 2018 ᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠪᠣᠴᠠᠵᠤ ᠪᠠᠢᠴᠠᠭᠠᠬᠤ ᠠᠵᠢᠯᠯᠠᠭ᠎ᠠ ᠵᠢᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 100 ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 39 ᠶᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠂ ᠡᠭᠦᠨ ᠳᠤ ᠪᠠᠷᠢᠨ ᠲᠤᠤᠷ᠎ᠠ ᠨᠢ ᠴᠡᠭᠴᠡᠯᠡᠨ ᠰᠠᠶᠢᠵᠢᠷᠠᠭᠤᠯᠬᠤ 13 ᠡᠭᠦᠷᠭᠡ ᠶᠢᠨ 8 ᠶᠢ ᠨᠢᠭᠡᠨᠲᠡ ᠪᠡᠶᠡᠯᠡᠭᠦᠯᠵᠦ᠂ ᠦᠯᠡᠳᠡᠭᠰᠡᠨ ᠡᠭᠦᠷᠭᠡ ᠶᠢ ᠡᠨᠡ ᠵᠢᠯ ᠤᠨ ᠰᠡᠭᠦᠯᠴᠢ ᠪᠠᠷ ᠪᠡᠶᠡᠯᠡᠭᠦᠯᠦᠨ᠎ᠡ᠂ 2018 ᠣᠨ ᠤ ᠵᠢᠯ ᠤᠨ ᠡᠴᠦᠰ ᠢᠶᠡᠷ ᠪᠡᠶᠡᠯᠡᠭᠦᠯᠬᠦ 10 ᠡᠭᠦᠷᠭᠡ ᠶᠢ ᠪᠦᠬᠦᠨ ᠢ ᠴᠡᠭᠴᠡᠯᠡᠨ ᠰᠠᠶᠢᠵᠢᠷᠠᠭᠤᠯᠪᠠ ᠂ 2019 ᠣᠨ ᠤ ᠵᠢᠯ ᠤᠨ ᠡᠴᠦᠰ ᠢᠶᠡᠷ ᠪᠡᠶᠡᠯᠡᠭᠦᠯᠬᠦ 26 ᠡᠭᠦᠷᠬᠡ ᠶᠢᠨ 9 ᠶᠢ ᠨᠢᠭᠡᠨᠲᠡ ᠪᠡᠶᠡᠯᠡᠭᠦᠯᠵᠦ᠂ ᠦᠯᠡᠳᠡᠭᠰᠡᠨ 17 ᠡᠭᠦᠷᠭᠡ ᠶᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ 2020 ᠣᠨ ᠳᠤ ᠪᠡᠶᠡᠯᠡᠭᠦᠯᠬᠦ 39 ᠡᠭᠦᠷᠬᠡ ᠶᠢ ᠶᠠᠭ ᠪᠦᠬᠦ ᠲᠠᠯ᠎ᠠ ᠪᠠᠷ ᠲᠦᠯᠬᠢᠨ ᠠᠬᠢᠭᠤᠯᠵᠤ ᠪᠤᠢ᠃
ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ 《ᠳᠦᠷᠪᠡᠨ ᠤᠬᠠᠮᠰᠠᠷ ᠢᠶᠠᠨ ᠲᠡᠭᠡᠭᠰᠢᠯᠡᠭᠦᠯᠬᠦ》᠂ 《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠭᠦᠯᠬᠦ ᠴᠢᠬᠤᠯᠠ ᠰᠢᠯᠭᠠᠨ ᠪᠠᠶᠢᠴᠠᠭᠠᠯᠲᠠ ᠪᠤᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠠᠴᠠ ᠬᠤᠶᠠᠷ ᠢ ᠵᠦᠢᠴᠢᠯᠡᠨ᠂ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠴᠢᠬᠤᠯᠠ ᠬᠠᠯᠬᠠᠪᠴᠢ ᠶᠢ ᠪᠠᠬᠢᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠤᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃