ᠵᠤᠬᠢᠶᠠᠭᠴᠢ:
ᠴᠠᠭ:2019-07-12
ᠥᠵᠡᠭᠰᠡᠨ : ℃
ᠢᠷᠡᠯᠲᠡ:
ᠯᠢ ᠵᠢᠢ ᠾᠧᠩ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠨ ᠡᠸ᠋ ᠰᠢᠶᠠᠩ ᠲᠠᠢ ᠪᠠᠷᠠᠳᠠᠨ ᠵᠤᠯᠭᠠᠪᠠ

2019 7 ᠳ᠋ᠤᠭᠠᠷ ᠰᠠᠷ᠎ᠠ ᠶᠢᠨ 2 ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠲᠠ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠲᠦᠪ ᠬᠤᠷᠢᠶᠠᠨ ᠤ ᠲᠡᠷᠢᠭᠦᠯᠡᠭᠴᠢ ᠸᠠᠨ ᠡᠸ᠋ ᠰᠢᠶᠠᠩ ᠲᠠᠢ ᠪᠠᠷᠠᠳᠠᠨ ᠵᠤᠯᠭᠠᠪᠠ᠃
ᠯᠢ ᠵᠢᠢ ᠾᠧᠩ ᠠᠴᠠ ᠸᠠᠨ ᠡᠸ᠋ ᠰᠢᠶᠠᠩ ᠠᠩᠬᠢ ᠳᠠᠭᠠᠭᠤᠯᠤᠨ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠬᠦᠭᠵᠢᠬᠦᠯᠦᠯᠲᠡ ᠳᠤ ᠪᠠᠶᠢᠴᠠᠭᠠᠨ ᠰᠤᠳᠤᠯᠤᠯᠲᠠ ᠬᠢᠬᠦ ᠪᠠᠷ ᠮᠠᠨ ᠤ ᠤᠷᠤᠨ ᠳᠤ ᠢᠷᠡᠭᠰᠡᠨ ᠳᠤ ᠤᠭᠲᠤᠵᠤ ᠪᠠᠶᠢᠭ᠎ᠠ ᠪᠠ ᠲᠠᠯᠠᠷᠬᠠᠵᠤ ᠪᠠᠶᠢᠬᠤ ᠰᠡᠳᠬᠢᠯ ᠢᠶᠠᠨ ᠢᠯᠡᠳᠬᠡᠬᠦ ᠶᠢᠨ ᠬᠠᠮᠲᠤ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠵᠢᠴᠢ ᠮᠤᠩᠭᠤᠯ ᠡᠮ ᠡᠮᠨᠡᠯᠭᠡ ᠶᠢᠨ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠬᠦ ᠳᠤ ᠪᠠᠨ᠂ ᠮᠤᠩᠭᠤᠯ ᠡᠮ ᠡᠮᠨᠡᠯᠭᠡ ᠦᠪᠦᠷ ᠮᠤᠩᠭᠤᠯ ᠳᠤ ᠦᠨᠢ ᠤᠳᠠᠭᠠᠨ ᠲᠡᠤᠬᠡ ᠲᠠᠢ᠂ ᠮᠠᠨ ᠤ ᠤᠯᠤᠰ ᠤᠨ ᠦᠨᠳᠦᠰᠦᠲᠡᠨ ᠤ ᠡᠮ ᠡᠮᠨᠡᠯᠭᠡ ᠶᠢᠨ ᠰᠤᠶᠤᠯ ᠤᠨ ᠡᠷᠳᠡᠨᠢᠰ ᠤᠨ ᠰᠠᠩ ᠳᠠᠬᠢ ᠮᠤᠯᠤᠷ ᠡᠷᠳᠡᠨᠢ ᠮᠦᠨ᠃ ᠤᠳᠤᠬᠠᠨ ᠳᠤ᠂ ᠦᠪᠦᠷ ᠮᠤᠩᠭᠤᠯ ᠶᠠᠬ ᠲᠤᠰ ᠪᠡᠶ᠎ᠡ ᠶᠢᠨ ᠰᠠᠭᠤᠷᠢ ᠪᠠ ᠳᠠᠪᠠᠭᠤᠯᠢᠬ ᠲᠤ ᠪᠠᠨ ᠰᠠᠭᠤᠷᠢᠯᠠᠵᠦ᠂ ᠮᠤᠩᠭᠤᠯ ᠬᠢᠲᠡᠳ ᠡᠮ ᠡᠮᠨᠡᠯᠭᠡ ᠶᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠰᠠᠨ ᠠᠵᠤ ᠦᠢᠯᠡᠰ ᠪᠤᠯᠭᠠᠨ ᠲᠦᠷᠭᠡᠨ ᠠᠬᠢᠭᠤᠯᠤᠨ ᠬᠦᠭᠵᠢᠭᠦᠯᠵᠦ ᠪᠤᠢ᠂ ᠪᠠᠶᠢᠴᠠᠭᠠᠨ ᠰᠤᠳᠤᠯᠬᠤ ᠳᠤᠭᠤᠢᠢᠯᠠᠩ ᠤᠨ ᠬᠢᠨ ᠡᠷᠬᠢᠮ ᠨᠠᠨᠳᠢᠨ ᠰᠠᠨᠠᠯ ᠢᠶᠠᠨ ᠢᠯᠡᠬᠦᠬᠡᠨ ᠳᠤᠷᠠᠳᠴᠤ᠂ ᠮᠠᠨ ᠤ ᠤᠷᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠦᠭᠵᠢᠯᠲᠡ ᠶᠢ ᠨᠡᠩ ᠰᠠᠶᠢᠳᠤᠷ ᠠᠬᠢᠭᠤᠯᠬᠤ ᠳᠤ ᠬᠠᠪᠰᠤᠷᠤᠯᠭ᠎ᠠ ᠦᠵᠡᠬᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠳᠤ ᠦᠢᠯᠡᠴᠢᠯᠡᠬᠦ ᠶᠢ ᠬᠦᠰᠡᠵᠦ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠡᠭᠭᠡᠷᠡᠭᠰᠡᠡ ᠲᠠᠢ ᠪᠠᠨ ᠠᠳᠠᠯᠢ ᠪᠠᠷ ᠡᠯ᠎ᠡ ᠠᠷᠠᠳᠴᠢᠯᠠᠬᠰᠠᠨ ᠨᠠᠮ ᠪᠦᠯᠦᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠦᠪᠤᠷ ᠮᠤᠩᠭᠤᠯ ᠤᠷᠤᠨ ᠤ ᠬᠣᠷᠢᠶ᠎ᠠ ᠶᠢᠨ ᠬᠢᠨ ᠦ ᠦᠢᠯᠡᠳᠣᠯ ᠢᠶᠠᠨ ᠨᠡᠩ ᠰᠠᠶᠢᠳᠤᠷ ᠪᠠᠳᠠᠷᠠᠭᠤᠯᠬᠤ ᠶᠢ ᠳᠡᠮᠵᠢᠨ᠎ᠡ ᠭᠡᠵᠡᠢ᠃
ᠸᠠᠨ ᠡᠸ᠋ ᠰᠢᠶᠠᠩ ᠮᠠᠨ ᠤ ᠤᠷᠤᠨ ᠤ ᠠᠵᠦ ᠠᠬᠤᠢ ᠨᠡᠶᠢᠭᠡᠮ ᠵᠢᠴᠢ ᠬᠢᠳᠡᠳ ᠡᠮ ᠡᠮᠨᠡᠯᠬᠡ ᠶᠢᠨ ᠬᠦᠭᠵᠢᠯᠳᠡ ᠶᠢᠨ ᠳᠠᠯ᠎ᠠ ᠪᠠᠷ ᠤᠯᠤᠬᠰᠠᠨ ᠠᠮᠵᠢᠯᠳᠡ ᠶᠢ ᠨᠣᠲᠠᠯᠠᠵᠤ ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠳᠤᠰ ᠤᠳᠠᠭᠠᠨ ᠤ ᠪᠠᠶᠢᠴᠠᠭᠠᠨ ᠰᠤᠳᠤᠯᠤᠯᠳᠠ ᠪᠤᠯᠤᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠦᠪᠦᠷ ᠮᠤᠩᠭᠤᠯ ᠤᠷᠤᠨ ᠤ ᠬᠤᠷᠢᠶ᠎ᠠ ᠶᠢᠨ ᠠᠵᠢᠯ ᠳᠤ ᠦᠭᠬᠦᠭᠰᠡᠨ ᠬᠦᠴᠦᠳᠡᠢ ᠳᠡᠮᠵᠢᠯᠬᠡ ᠳᠤ ᠳᠠᠯᠠᠷᠬᠠᠵᠦ ᠪᠠᠶᠢᠬᠤ ᠪᠠᠨ ᠢᠯᠡᠳᠬᠡᠭᠰᠡᠨ ᠤ ᠬᠠᠮᠳᠤ᠂ ᠮᠠᠨ ᠤ ᠤᠷᠤᠨ ᠳᠤ ᠪᠠᠶᠢᠴᠠᠭᠠᠨ ᠰᠤᠳᠤᠯᠤᠯᠳᠠ ᠬᠢᠬᠦ ᠲᠤᠬᠠᠢ ᠪᠠᠶᠢᠳᠠᠯ ᠢᠶᠠᠨ ᠳᠦᠬᠦᠮ ᠳᠠᠨᠢᠯᠴᠠᠭᠤᠯᠪᠠ᠃ ᠳᠡᠷᠡ ᠬᠡᠯᠡᠬᠦ ᠳᠤ ᠪᠠᠨ᠂ ᠨᠠᠮ ᠤᠨ ᠳᠦᠪ ᠬᠤᠷᠢᠶ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠬᠢᠳᠡᠳ ᠡᠮ ᠡᠮᠨᠡᠯᠬᠡ ᠶᠢᠨ ᠦᠢᠯᠡᠰ ᠢ ᠵᠠᠯᠭᠠᠮᠵᠢᠯᠠᠨ ᠬᠦᠭᠵᠢᠬᠦᠯᠬᠦ ᠶᠢ ᠳᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠂ ᠮᠤᠩᠭᠤᠯ ᠡᠮ ᠡᠮᠨᠡᠯᠬᠡ ᠪᠤᠯ ᠮᠠᠨ ᠤ ᠤᠯᠤᠰ ᠤᠨ ᠬᠢᠳᠡᠳ ᠡᠮ ᠡᠮᠨᠡᠯᠬᠡ ᠶᠢᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠤᠯᠬᠤ ᠶᠤᠮ᠂ ᠦᠪᠦᠷ ᠮᠤᠩᠭᠤᠯ ᠤᠨ ᠬᠢᠨ ᠪᠠᠶᠢᠴᠠᠭᠠᠨ ᠰᠤᠳᠤᠯᠬᠤ ᠳᠤᠭᠤᠢᠢᠯᠠᠩ ᠳᠤ ᠢᠯᠡᠬᠦᠬᠡᠨ ᠪᠠᠶᠢᠴᠠᠭᠠᠨ ᠰᠤᠳᠤᠯᠬᠤ ᠰᠡᠳᠦᠪ ᠤᠨ ᠰᠦᠪᠡᠭᠴᠢ ᠬᠠᠩᠭᠠᠵᠦ ᠦᠭᠬᠦ ᠶᠢ ᠬᠦᠰᠡᠵᠦ ᠪᠠᠶᠢᠨ᠎ᠠ᠂ ᠪᠠᠶᠢᠴᠠᠭᠠᠨ ᠰᠤᠳᠤᠯᠬᠤ ᠳᠤᠭᠤᠢᠢᠯᠡᠩ ᠵᠢᠴᠢ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠬᠢᠨ ᠭᠤᠤᠯᠳᠠᠯᠭ᠎ᠠ ᠶᠢᠨ ᠳᠤᠭᠤᠷᠢᠨ ᠳᠤ ᠶᠡᠭᠡ ᠳᠠᠯ᠎ᠠ ᠳᠤ ᠦᠢᠯᠡᠴᠢᠯᠡᠵᠦ᠂ ᠳᠦᠷᠦ ᠶᠢᠨ ᠶᠠᠪᠤᠳᠠᠯ ᠳᠤ ᠤᠷᠤᠯᠴᠠᠬᠤ ᠨᠠᠮ ᠤᠨ ᠳᠠᠪᠠᠭᠤᠯᠢᠬ ᠢ ᠬᠦᠢᠴᠡᠳ ᠪᠠᠳᠠᠷᠠᠭᠤᠯᠵᠦ᠂ ᠨᠠᠮ ᠤᠨ ᠳᠦᠪ ᠬᠤᠷᠢᠶ᠎ᠠ ᠳᠤ ᠢᠳᠡᠪᠬᠢᠳᠡᠢ ᠰᠠᠨᠠᠯ ᠰᠠᠨᠠᠭᠤᠯᠭ᠎ᠠ ᠳᠤᠷᠠᠳᠴᠤ᠂ ᠬᠢᠳᠡᠳ ᠡᠮ ᠡᠮᠨᠡᠯᠬᠡ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠵᠡᠷᠬᠡ ᠳᠠᠯ᠎ᠠ ᠪᠠᠷ᠂ ᠢᠯᠠᠩᠭᠤᠶ᠎ᠠ ᠮᠤᠩᠭᠤᠯ ᠡᠮ ᠡᠮᠨᠡᠯᠬᠡ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠳᠠᠯ᠎ᠠ ᠪᠠᠷ ᠦᠵᠡᠬᠦᠯᠪᠡᠰᠣ ᠵᠤᠬᠢᠬᠤ ᠬᠤᠪᠢ ᠨᠡᠮᠡᠷᠢ ᠪᠡᠨ ᠦᠵᠡᠬᠦᠯᠤᠨ᠎ᠠ ᠭᠡᠪᠡ᠃
ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ᠂ ᠭᠠᠳᠠᠭᠠᠳᠤ ᠶᠠᠪᠤᠳᠠᠯ ᠤᠨ ᠵᠦᠪᠯᠡᠯ ᠤᠨ ᠳᠡᠳ᠋ ᠡᠷᠬᠢᠯᠡᠭᠴᠢ ᠬᠡᠰᠢᠬᠦᠨ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠳᠤ ᠬᠤᠷᠢᠶ᠎ᠠ ᠶᠢᠨ ᠳᠦᠪ ᠬᠤᠷᠢᠶᠠᠨ ᠤ ᠳᠡᠳ᠋ ᠳᠡᠷᠢᠬᠦᠯᠡᠭᠴᠢ ᠵᠠᠩ ᠪᠦᠸᠧ ᠵᠢᠶᠦ᠋ᠨ᠂ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠡᠦ ᠳᠤᠸᠠᠨ ᠶᠢᠩ ᠠᠵᠢᠯᠯᠠᠭ᠎ᠠ ᠳᠤ ᠤᠷᠤᠯᠴᠠᠪᠠ᠃