ᠵᠤᠬᠢᠶᠠᠭᠴᠢ:
ᠴᠠᠭ:2020-04-23
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠣᠷᠣᠨ ᠤ ᠣᠶᠢᠯᠠᠯᠭ᠎ᠠ ᠶᠢᠨ ᠭᠠᠵᠠᠷ ᠤᠨ ᠳᠠᠷᠤᠭ᠎ᠠ ᠵᠠᠩ ᠰᠢᠶᠣᠤ ᠬᠣᠩ ᠨᠠᠷ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠬᠣᠶᠠᠳ
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠣᠷᠣᠨ ᠤ ᠣᠶᠢᠯᠠᠯᠭ᠎ᠠ ᠶᠢᠨ ᠭᠠᠵᠠᠷ ᠤᠨ ᠳᠠᠷᠤᠭ᠎ᠠ ᠵᠠᠩ ᠰᠢᠶᠣᠤ ᠬᠣᠩ ᠨᠠᠷ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠬᠣᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠣᠳᠪᠠ

2020 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠦᠨ ᠣᠷᠣᠨ ᠤ ᠣᠶᠢᠯᠠᠯᠭ᠎ᠠ ᠶᠢᠨ ᠭᠠᠵᠠᠷ ᠤᠨ ᠳᠠᠷᠤᠭ᠎ᠠ ᠵᠠᠩ ᠰᠢᠶᠤᠤ ᠬᠣᠩ ᠪᠣᠯᠤᠨ ᠠᠷᠠᠳ ᠤᠨ ᠪᠠᠩᠬᠢ ᠶᠢᠨ ᠬᠥᠬᠡᠬᠣᠲᠠ ᠭᠣᠣᠯ ᠰᠠᠯᠪᠤᠷᠢ ᠪᠠᠩᠬᠢ ᠶᠢᠨ ᠰᠤᠳᠤᠯᠭᠠᠨ ᠤ ᠭᠠᠵᠠᠷ ᠤᠨ ᠪᠠᠶᠢᠴᠠᠭᠠᠨ ᠰᠤᠳᠤᠯᠤᠭᠴᠢ ᠱᠤ᠋ ᠲᠢᠩ ᠨᠠᠷ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠦᠨ ᠥᠪᠥᠷ ᠮᠣᠩᠭᠣᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ( ᠳᠣᠷᠣᠭᠰᠢ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ ) ᠳ᠋ᠤ ᠬᠦᠷᠴᠦ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠮᠥᠩᠭᠥᠨ ᠭᠦᠶᠯᠭᠡᠭᠡᠨ ᠦ ᠣᠶᠢᠯᠠᠯᠭ᠎ᠠ (2001 — 2015 ᠣᠨ) 》 ᠶᠢ ᠨᠠᠶᠢᠷᠠᠭᠤᠯᠤᠨ ᠪᠢᠴᠢᠵᠦ ᠪᠠᠶᠢᠭ᠎ᠠ ᠠᠵᠢᠯ ᠢ ᠪᠠᠶᠢᠴᠠᠭᠠᠨ ᠰᠣᠳᠣᠯᠣᠭᠰᠠᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠬᠡᠷ ᠦᠨ ᠳᠡᠳ᠋ ᠡᠷᠬᠢᠯᠡᠭᠴᠢ ᠸᠠᠩ ᠭᠠᠩ ᠂ ᠲᠣᠭ᠎ᠠ ᠪᠦᠷᠢᠳᠭᠡᠯ ᠮᠡᠳᠡᠭᠡ ᠵᠠᠩᠭᠢ ᠶᠢᠨ ᠭᠠᠵᠠᠷ ᠤᠨ ᠳᠡᠳ᠋ ᠳᠠᠷᠤᠭ᠎ᠠ ᠼᠤᠤ ᠰᠢᠶᠠ ᠂ ᠥᠪᠥᠷ ᠮᠣᠩᠭᠣᠯ ᠤᠨ ᠪᠠᠩᠬᠢ ᠶᠢᠨ ᠦᠶᠯᠡᠰ ᠦᠨ ᠨᠡᠶᠢᠭᠡᠮᠯᠢᠭ ᠦᠨ ᠳᠡᠳ᠋ ᠨᠠᠷᠢᠨ ᠪᠢᠴᠢᠭ ᠦᠨ ᠳᠠᠷᠤᠭ᠎ᠠ ᠯᠧᠦ ᠳ᠋ᠠᠨ ᠵᠡᠷᠭᠡ ᠣᠶᠢᠯᠠᠯᠭ᠎ᠠ ᠨᠠᠶᠢᠷᠠᠭᠤᠯᠵᠤ ᠪᠠᠶᠢᠭ᠎ᠠ ᠬᠠᠮᠢᠶ᠎ᠠ ᠪᠥᠬᠥᠶ ᠬᠥᠮᠦᠰ ᠶᠠᠷᠢᠯᠴᠠᠬᠤ ᠬᠤᠷᠠᠯ ᠳᠤ ᠣᠷᠣᠯᠴᠠᠪᠠ ᠃
ᠸᠠᠩ ᠭᠠᠩ ᠪᠣᠯᠤᠨ ᠼᠤᠤ ᠰᠢᠶᠠ ᠲᠤᠰ ᠲᠤᠰ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠮᠥᠩᠭᠥᠨ ᠭᠦᠶᠯᠭᠡᠭᠡᠨ ᠦ ᠣᠶᠢᠯᠠᠯᠭ᠎ᠠ(2001—2015 ᠣᠨ)》 ᠶᠢᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠭᠠᠭᠠᠨ ᠨᠠᠶᠢᠷᠠᠭᠤᠯᠬᠤ ᠬᠡᠰᠡᠭ ᠦᠨ ᠠᠬᠢᠴᠠ ᠶᠢᠨ ᠪᠠᠶᠢᠳᠠᠯ ᠂ ᠣᠳᠣᠬᠠᠨ ᠤ ᠨᠠᠶᠢᠷᠠᠭᠤᠯᠤᠨ ᠪᠢᠴᠢᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠵᠠᠶ ᠃
ᠵᠠᠩ ᠰᠢᠶᠣᠤ ᠬᠣᠩ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ 《ᠬᠣᠶᠠᠷ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ》 ᠶᠢᠨ ᠠᠵᠢᠯ ᠤᠨ ᠲᠤᠬᠠᠶ ᠬᠠᠮᠢᠶ᠎ᠠ ᠪᠦᠬᠦᠢ ᠱᠠᠭᠠᠷᠳᠠᠯᠭ᠎ᠠ ᠶᠢ ᠲᠠᠨᠢᠯᠴᠠᠭᠤᠯᠤᠭᠰᠠᠨ ᠤ ᠬᠠᠮᠲᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠤᠨ ᠪᠢᠴᠢᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠢᠯᠣᠭᠣᠳᠤᠯᠭ᠎ᠠ ᠬᠢᠵᠡᠢ ᠃ ᠡᠭᠦᠨ ᠡᠴᠡ ᠭᠠᠳᠠᠨ᠎ᠠ ᠂ ᠬᠤᠷᠠᠯ ᠳᠤ ᠣᠷᠣᠯᠴᠠᠭᠰᠠᠳ ᠮᠠᠲ᠋ᠧᠷᠢᠶᠠᠯ ᠴᠤᠭᠯᠠᠭᠤᠯᠬᠤ ᠂ ᠨᠣᠸᠷᠠᠭ ᠢ ᠵᠢᠷᠤᠮᠵᠢᠭᠤᠯᠬᠤ ᠂ ᠠᠵᠢᠯ ᠢ ᠵᠣᠯᠭᠠᠭᠤᠯᠬᠤ ᠵᠡᠷᠭᠡ ᠲᠠᠯ᠎ᠠ ᠪᠠᠷ ᠰᠤᠳᠤᠯᠤᠨ ᠶᠠᠷᠢᠯᠴᠠᠪᠠ ᠃