ᠵᠤᠬᠢᠶᠠᠭᠴᠢ:
ᠴᠠᠭ:2019-05-06
ᠥᠵᠡᠭᠰᠡᠨ : ℃
ᠢᠷᠡᠯᠲᠡ:
ᠮᠠᠨ ᠤ ᠣᠷᠣᠨ ᠤ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ 944 ᠪᠣᠯᠪᠠ
ᠡᠮᠦᠨᠡᠬᠡᠨ ᠬᠤᠷᠠᠯᠳᠤᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠠᠴᠠ ᠣᠶᠢᠯᠠᠭᠠᠭᠰᠠᠨ ᠢᠶᠠᠷ ᠂ ᠣᠳᠣᠬᠠᠨ ᠪᠣᠯᠲᠠᠯ᠎ᠠ᠂ ᠮᠠᠨ ᠤ ᠣᠷᠣᠨ ᠤ 254 ᠠᠵᠤ ᠠᠬᠤᠶᠢᠯᠠᠯ ᠤᠨ 944 ᠪᠦᠲᠦᠭᠡᠭᠳᠡᠬᠦᠨ ᠨᠢ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠷ ᠨᠤᠲᠠᠯᠠᠭᠤᠯᠵᠤ᠂ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠨᠢ ᠲᠠᠰᠤᠷᠠᠯᠲᠠ ᠥᠬᠡᠶ ᠳᠡᠭᠡᠭᠰᠢᠯᠡᠪᠡ᠃
ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ ᠨᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭᠲᠦ ᠪᠣᠯᠣᠨ ᠪᠠᠷᠢᠮᠵᠢᠶ᠎ᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠨᠡᠶᠢᠭᠡᠮᠯᠢᠭ ᠠᠴᠠ ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠵᠤ᠂ ᠰᠢᠰᠲ᠋ᠧᠮᠵᠢᠭᠦᠯᠬᠦ᠂ ᠲᠤᠰᠬᠠᠶᠢᠵᠢᠭᠤᠯᠬᠤ ᠲᠠᠯ᠎ᠠ ᠠᠴᠠ ᠪᠣᠬᠢᠷᠲᠤᠯ ᠥᠬᠡᠶ ᠥᠪᠥᠷ ᠮᠣᠩᠭᠤᠯ ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠶ ᠰᠤᠳᠤᠯᠵᠤ᠂ ᠰᠢᠨ᠎ᠡ ᠶᠢ ᠡᠭᠦᠳᠦᠨ ᠳᠡᠭᠡᠭᠰᠢᠯᠡᠭᠦᠯᠵᠦ ᠪᠠᠶᠢᠨ᠎ᠠ᠃ 2013 ᠣᠨ ᠠᠴᠠ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠨᠡᠶᠢᠭᠡᠮᠯᠢᠭ ᠵᠠᠯᠭᠠᠭ᠎ᠠ ᠪᠠᠷ 6 ᠬᠤᠭᠤᠴᠠᠭᠠᠨ ᠤ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠤᠲᠠᠯᠠᠨ ᠲᠣᠭᠲᠠᠭᠠᠬᠤ ᠪᠠ 5 ᠬᠤᠭᠤᠴᠠᠭᠠᠨ ᠤ ᠪᠣᠭᠤᠳᠠᠯᠯᠠᠬᠤ ᠵᠢᠷᠤᠭ ᠲᠥᠯᠥᠪᠯᠡᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠤᠷᠢᠳ ᠬᠤᠵᠢᠳ 254 ᠠᠵᠤ ᠠᠬᠤᠶᠢᠯᠠᠯ ᠤᠨ 944 ᠪᠦᠲᠦᠭᠡᠭᠳᠡᠬᠦᠨ ᠨᠢ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠴᠣᠯᠠ ᠬᠦᠷᠲᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠭᠤᠳᠠᠯᠯᠠᠬᠤ ᠵᠢᠷᠤᠭ ᠲᠥᠯᠥᠪᠯᠡᠭᠡ ᠶᠢᠨ 416 ᠪᠦᠲᠦᠭᠡᠯ ᠨᠢ ᠰᠢᠯᠭᠠᠷᠠᠭᠤᠯᠤᠯᠲᠠ ᠳᠤ ᠴᠣᠯᠭᠤᠷᠠᠨ ᠭᠠᠷᠴᠤ᠂ ᠪᠣᠬᠢᠷᠲᠤᠯ ᠥᠬᠡᠶ ᠥᠪᠥᠷ ᠮᠣᠩᠭᠤᠯ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠨ᠎ᠡ ᠳᠦᠷᠢ ᠲᠥᠷᠬᠦ ᠶᠢ ᠪᠤᠢ ᠪᠣᠯᠭᠠᠪᠠ᠃
ᠣᠳᠣᠬᠠᠨ ᠳᠤ᠂ ᠮᠠᠨ ᠤ ᠣᠷᠣᠨ ᠤ ᠥᠪᠡᠷᠮᠢᠴᠡ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠠᠭ ᠬᠡᠪᠴᠢᠶ᠎ᠡ ᠲᠤᠭ᠎ᠠ ᠬᠡᠮᠵᠢᠶ᠎ᠡ ᠠᠴᠠ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠡᠰᠢ ᠬᠤᠪᠢᠷᠠᠭᠤᠯᠬᠤ᠂ ᠠᠩᠬ᠎ᠠ ᠱᠠᠲᠤᠨ ᠤ ᠡᠳ᠋ᠰᠢᠭᠦᠯᠬᠦ ᠪᠠᠷ ᠭᠤᠣᠯ ᠪᠣᠯᠭᠠᠵᠤ ᠪᠠᠶᠢᠭᠰᠠᠨ ᠠᠴᠠ ᠨᠢ ᠨᠠᠷᠠᠲᠤ ᠰᠢᠯᠢᠳᠡᠭ ᠣᠨᠴᠠ ᠮᠡᠷᠭᠡᠵᠢᠯ ᠵᠢᠴᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯ ᠪᠣᠯᠭᠠᠨ ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠨᠤᠭᠤᠳ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥᠯ ᠲᠡᠮᠳᠡᠭᠴᠢᠯᠡᠭᠰᠡᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠵᠦ ᠪᠣᠢ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠲᠤ ᠰᠠᠭᠤᠷᠢᠯᠠᠨ᠂ ᠠᠵᠤ ᠦᠢᠯᠡᠰ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠭᠤᠤᠯ ᠴᠣᠭᠴᠠ ᠶᠢ ᠬᠦᠴᠦᠯᠡᠨ ᠪᠤᠶᠢᠵᠢᠭᠤᠯᠵᠤ᠂ ᠣᠷᠣᠨ ᠪᠦᠰᠡ ᠶᠢᠨ ᠥᠪᠡᠷᠮᠢᠴᠡ ᠣᠨᠴᠠᠯᠢᠭ ᠪᠣᠯᠣᠨ ᠳᠠᠪᠠᠭᠤᠯᠢᠭ ᠲᠠᠢ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠡᠮᠬᠢᠯᠡᠨ ᠨᠡᠶᠢᠯᠡᠭᠦᠯᠬᠦ ᠶᠢ ᠳᠡᠮᠵᠢᠵᠦ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠯᠠᠰᠢᠨ ᠬᠤᠨᠢ᠂ ᠬᠤᠷᠴᠢᠨ ᠤ ᠠᠯᠠᠰᠢᠨ ᠦᠬᠡᠷ᠂ ᠤᠯᠠᠭᠠᠨᠴᠠᠪ ᠤᠨ ᠲᠥᠮᠥᠰᠥ᠂ ᠪᠣᠷᠣ ᠲᠣᠬᠤᠢ ᠶᠢᠨ ᠪᠣᠭᠤᠳᠠᠶ᠂ ᠥᠪᠥᠷ ᠮᠣᠩᠭᠤᠯ ᠤᠨ ᠬᠤᠯᠢᠮᠠᠭ ᠠᠮᠤ᠂ ᠪᠣᠷᠣ ᠲᠣᠬᠤᠢ ᠶᠢᠨ ᠨᠡᠷᠡᠨ ᠬᠤᠸᠠᠷ ᠤᠨ ᠦᠷ᠎ᠡ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠭᠤᠣᠯᠳᠠᠯᠭ᠎ᠠ ᠲᠠᠢ ᠡᠭᠦᠳᠴᠦ᠂ ᠠᠶᠢᠮᠠᠭ ᠬᠤᠳᠠ ᠨᠢᠭᠡᠪᠦᠷᠢ ᠳᠤ 1 ᠠᠴᠠ 2 ᠣᠷᠣᠨ ᠨᠤᠲᠤᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ᠂ 2020 ᠣᠨ ᠪᠣᠯᠬᠤ ᠳᠤ ᠪᠦᠬᠦ ᠤᠯᠤᠰ ᠲᠤ ᠨᠡᠯᠢᠶᠡᠳ ᠠᠯᠳᠠᠷ ᠲᠠᠢ ᠪᠠ ᠨᠥᠯᠥᠭᠡᠯᠡᠬᠦ ᠬᠦᠴᠦᠨ ᠲᠠᠢ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 20 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠵᠤ