ᠵᠤᠬᠢᠶᠠᠭᠴᠢ:
ᠴᠠᠭ:2019-04-09
ᠥᠵᠡᠭᠰᠡᠨ : ℃
ᠢᠷᠡᠯᠲᠡ:
ᠯᠢ ᠵᠢᠢ ᠾᠧᠩ᠄ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ
2019 4 ᠳ᠋ᠦ᠋ᠭᠡᠷ ᠰᠠᠷ᠎ᠠ ᠶᠢᠨ 9 ᠡᠳᠤᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠡᠷᠭᠢᠯᠡᠭᠴᠢ ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠵᠦ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠂ ᠶᠡᠷᠦᠩᠭᠡᠢ ᠱᠦᠵᠢ ᠰᠢ ᠶᠢᠨ ᠫᠢᠩ ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠳᠡᠭᠡᠷ᠎ᠠ ᠦᠨᠡᠨ ᠬᠦ ᠨᠢᠭᠡᠳᠭᠡᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢᠨ ᠡᠯ᠎ᠠ ᠲᠦᠷᠦᠯ ᠤᠨ ᠠᠵᠢᠯ ᠢ ᠤᠳᠤᠷᠢᠳᠬᠤ ᠪᠠ ᠠᠬᠢᠭᠤᠯᠬᠤ ᠶᠢ ᠬᠦᠴᠦᠳᠠᠢ ᠪᠦᠳᠦᠮᠵᠢᠳᠠᠢ ᠰᠠᠶᠢᠳᠤᠷ ᠬᠢᠬᠦ ᠭᠡᠷᠡᠭᠲᠡᠢ ᠭᠡᠪᠠ᠃
ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦ᠋ ᠰᠢᠶᠤᠤ ᠯᠢᠨ᠂ ᠭᠡᠰᠢᠬᠦᠨ ᠯᠢᠨ ᠱᠤᠤ ᠴᠦᠨ᠂ ᠮᠠ ᠰᠢᠤᠸᠠᠢ ᠵᠢᠶᠦ᠋ᠨ᠂ ᠯᠦᠸᠧ ᠶᠦᠩ ᠭᠠᠩ᠂ ᠠᠢ ᠯᠢ ᠬᠤᠸᠠ᠂ ᠵᠠᠩ ᠱᠤᠤ ᠴᠦᠨ᠂ ᠡᠸᠦ ᠶᠠᠩ ᠰᠢᠶᠤᠤ ᠬᠤᠢ᠂ ᠯᠢ ᠪᠢᠩ ᠷᠦᠩ᠂ ᠪᠤᠤ ᠭᠠᠩ ᠬᠤᠷᠠᠯ ᠳᠤ ᠤᠷᠤᠯᠴᠠᠵᠠᠢ᠃