ᠵᠤᠬᠢᠶᠠᠭᠴᠢ:
ᠴᠠᠭ:2019-03-28
ᠥᠵᠡᠭᠰᠡᠨ : ℃
ᠢᠷᠡᠯᠲᠡ:
ᠥᠪᠥᠷ ᠮᠣᠩᠭᠤᠯ ᠡᠨᠡ ᠵᠢᠯ ᠭᠤᠷᠪᠠᠨ ᠡᠮᠴᠢᠯᠡᠭᠡ ᠶᠢ ᠬᠤᠯᠪᠣᠭᠠᠯᠠᠨ ᠬᠥᠳᠡᠯᠦᠯᠴᠡᠭᠦᠯᠵᠦ ᠪᠠᠶᠢᠭᠠᠳ ᠡᠪᠡᠳᠴᠢᠨ ᠦᠵᠡᠭᠦᠯᠬᠦ ᠳᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠣᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠭᠤᠷᠪᠠᠨ ᠡᠮᠴᠢᠯᠡᠭᠡ ᠬᠤᠯᠪᠣᠭᠠᠯᠠᠨ ᠬᠤᠷᠰᠢᠯᠴᠠᠭᠰᠠᠠ ᠡᠮ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠡᠮ ᠲᠡᠩ ᠤᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠬᠤᠯᠪᠣᠭᠠᠯᠠᠨ ᠬᠥᠳᠡᠯᠦᠯᠴᠡᠭᠦᠯᠬᠦ᠂ ᠲᠤᠬᠠᠶᠢᠯᠠᠪᠠᠯ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ ᠂ ᠡᠮ ᠡᠮᠨᠡᠯᠭᠡ ᠶᠢᠨ ᠥᠭᠡᠷᠡᠴᠢᠯᠡᠯᠲᠡ ᠶᠢ ᠬᠤᠯᠪᠣᠭᠠᠯᠠᠨ ᠬᠥᠳᠡᠯᠦᠯᠴᠡᠭᠦᠯᠬᠦ ᠥᠭᠡᠷᠡᠴᠢᠯᠡᠯᠲᠡ ᠶᠢ ᠠᠬᠢᠭᠤᠯᠵᠤ ᠡᠪᠡᠳᠴᠢᠨ ᠦᠵᠡᠭᠦᠯᠬᠦ ᠳᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠣᠢ᠃
ᠲᠠᠨᠢᠯᠴᠠᠭᠤᠯᠤᠭᠰᠠᠨ ᠢᠶᠠᠷ᠂ ᠡᠪᠡᠳᠴᠢᠨ ᠦᠵᠡᠭᠦᠯᠬᠦ ᠳᠤ ᠪᠠᠶᠢᠬᠤ ᠶᠢᠨ ᠰᠢᠯᠲᠠᠭᠠᠨ ᠭᠡᠪᠡᠯ ᠡᠮ ᠤᠨ ᠦᠨ᠎ᠡ ᠬᠡᠶᠢᠰᠪᠦᠷᠢ ᠥᠨᠳᠥᠷ᠂ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠯ ᠠᠴᠠ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠥᠪᠰᠢᠨ ᠬᠠᠷᠢᠴᠠᠩᠭᠤᠶ ᠪᠠᠷ ᠨᠡᠯᠢᠶᠡᠳ ᠳᠣᠤᠷ᠎ᠠ ᠪᠠᠶᠢᠵᠤ ᠂ ᠦᠨᠡᠨ ᠳᠤ ᠪᠠᠨ᠂ ᠭᠤᠷᠪᠠᠨ ᠡᠮᠴᠢᠯᠡᠭᠡ ᠳᠤ ᠪᠦᠷ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠪᠣᠯᠭᠠᠭᠰᠠᠨ ᠰᠢᠯᠲᠠᠭᠠᠨ ᠣᠷᠣᠰᠢᠵᠤ ᠪᠠᠶᠢᠬᠤ ᠪᠥᠭᠡᠳ ᠬᠠᠷᠢᠯᠴᠠᠨ ᠰᠣᠯᠪᠢᠴᠠᠨ ᠳᠠᠪᠬᠤᠴᠠᠵᠤ ᠪᠠᠶᠢᠨ᠎ᠠ᠃ ᠡᠪᠡᠳᠴᠢᠨ ᠦᠵᠡᠭᠦᠯᠬᠦ ᠳᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ᠂ ᠭᠤᠷᠪᠠᠨ ᠡᠮᠴᠢᠯᠡᠭᠡ ᠡᠷᠬᠡᠪᠰᠢ ᠠᠳᠠᠯᠢ ᠴᠢᠭᠯᠡᠯ ᠢᠶᠠᠷ ᠬᠦᠴᠦᠯᠡᠵᠦ᠂ ᠬᠤᠯᠪᠣᠭᠠᠯᠠᠨ ᠬᠥᠳᠡᠯᠦᠯᠴᠡᠵᠦ ᠪᠠᠶᠢᠭᠠᠳ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃
ᠨᠢᠭᠡ ᠳᠤ ᠡᠮ ᠤᠨ ᠬᠠᠩᠭᠠᠯᠭ᠎ᠠ ᠶᠢᠨ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠤᠨ ᠵᠦᠶᠯ ᠤᠨ ᠭᠦᠶᠯᠭᠡᠭᠡᠨ ᠤ ᠬᠦᠷᠢᠶᠡᠨ ᠳᠠᠬᠢ ᠬᠡᠶᠢᠰᠪᠦᠷᠢ ᠥᠨᠳᠥᠷ ᠦᠨ᠎ᠡ ᠬᠠᠩᠰᠢ ᠶᠢ ᠪᠠᠭᠤᠷᠠᠭᠤᠯᠬᠤ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠯᠦᠭᠡ ᠢᠳᠡᠪᠬᠢᠲᠡᠶ ᠬᠠᠮᠵᠢᠯᠴᠠᠨ ᠡᠮ ᠤᠨ ᠵᠦᠢᠯ ᠢ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠲᠥᠪᠯᠡᠷᠡᠭᠦᠯᠵᠦ ᠪᠠᠶᠢᠭᠠᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠦᠢᠯᠭᠡᠭᠡᠨ ᠤ ᠬᠦᠷᠢᠶᠡᠨ ᠳᠠᠬᠢ ᠡᠮ ᠤᠨ ᠵᠦᠶᠯ ᠤᠨ ᠬᠡᠶᠢᠰᠪᠦᠷᠢ ᠥᠨᠳᠥᠷ ᠦᠨ᠎ᠡ ᠬᠠᠩᠰᠢ ᠶᠢ ᠦᠭᠡᠶᠢᠰᠬᠡᠵᠦ᠂ ᠡᠮ ᠤᠨ ᠵᠦᠢᠯ ᠢ ᠬᠤᠳᠠᠯᠳᠤᠨ ᠠᠪᠬᠤ ᠬᠡᠶᠢᠰᠪᠦᠷᠢ ᠥᠨᠳᠥᠷ ᠦᠨ᠎ᠡ ᠶᠢ ᠪᠠᠭᠤᠷᠠᠭᠤᠯᠤᠨ᠎ᠠ᠃ ᠦᠨ᠎ᠡ ᠬᠢᠮᠳᠠᠷᠠᠭᠤᠯᠬᠤ ᠡᠮ ᠤᠨ ᠵᠦᠢᠯ ᠢᠯᠠᠩᠭᠤᠶ᠎ᠠ ᠦᠨ᠎ᠡ ᠬᠢᠮᠳᠠᠷᠠᠭᠤᠯᠬᠤ ᠥᠮᠡᠨ ᠡᠪᠡᠳᠴᠢᠨ ᠢ ᠵᠠᠰᠠᠬᠤ ᠡᠮ ᠢ ᠡᠮᠨᠡᠯᠭᠡ ᠶᠢᠨ ᠬᠤᠷᠢᠶ᠎ᠠ ᠳᠤ ᠣᠷᠤᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠳᠤ ᠦᠨᠡᠨ ᠬᠦ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠶ᠃ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠶᠯ ᠤᠨ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠯ ᠢ ᠬᠢᠵᠠᠭᠠᠷᠯᠠᠬᠤ ᠬᠡᠷᠡᠭᠲᠡᠶ᠃
ᠬᠤᠶᠠᠷ ᠲᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠯ ᠢ ᠬᠢᠵᠠᠭᠠᠷᠯᠠᠬᠤ ᠬᠡᠷᠡᠭᠲᠡᠶ᠃ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠥᠬᠦᠪᠥᠷᠢ ᠥᠭᠬᠦ ᠲᠣᠭᠲᠠᠴᠠ ᠶᠢ ᠭᠤᠣᠯᠳᠠᠯᠭ᠎ᠠ ᠲᠠᠢ ᠰᠢᠢᠳᠪᠦᠷᠢᠯᠡᠬᠦ ᠪᠠ ᠡᠮ ᠡᠮᠨᠡᠯᠭᠡ ᠶᠢᠨ ᠠᠵᠢᠯᠳᠠᠨ ᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠤᠯᠠᠮ ᠰᠠᠶᠢᠲᠤᠷ ᠬᠢᠵᠦ᠂ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ ᠣᠷᠣᠨ ᠪᠦᠰᠡ ᠰᠠᠯᠭᠠᠬᠤ ᠶᠢ ᠲᠦᠯᠬᠢᠨ ᠠᠬᠢᠭᠤᠯᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ ᠬᠤᠳᠠ ᠬᠥᠳᠡᠭᠡ ᠶᠢ ᠰᠠᠯᠭᠠᠬᠤ ᠶᠢ ᠠᠬᠢᠭᠤᠯᠵᠤ᠂ ᠬᠦᠨᠳᠦ ᠶᠡᠭᠡ ᠡᠪᠡᠳᠴᠢᠨ ᠤ ᠭᠠᠭᠴᠠ ᠡᠪᠡᠳᠴᠢᠨ ᠤ ᠵᠦᠢᠯ ᠤᠨ ᠬᠠᠮᠢᠶᠠᠷᠤᠯᠳ᠋ᠨ ᠪᠠᠷ ᠭᠤᠣᠯᠳᠠᠯᠭ᠎ᠠ ᠪᠣᠯᠭᠠᠨ ᠳᠡᠭᠡᠷ᠎ᠡ ᠳᠣᠣᠷ᠎ᠠ ᠱᠠᠲᠤ ᠶᠢ ᠰᠠᠯᠭᠠᠬᠤ ᠶᠢ ᠠᠬᠢᠭᠤᠯᠵᠤ᠂ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠳᠦᠷ ᠲᠣᠲᠣᠮ ᠤᠨ ᠦᠢᠯᠡᠴᠢᠯᠡᠭᠡ ᠪᠠᠷ ᠭᠤᠣᠯᠳᠠᠯᠭ᠎ᠠ ᠪᠣᠯᠭᠠᠨ ᠪᠠᠴᠢᠮ ᠤᠵᠢᠭ ᠡᠪᠡᠳᠴᠢᠨ ᠢ ᠰᠠᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃
ᠭᠤᠷᠪᠠ ᠳᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠰᠠᠭᠤᠷᠢ ᠮᠦᠩᠭᠦᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠤᠳᠠ ᠶᠢᠨ ᠡᠮᠴᠢᠯᠡᠭᠡᠨ ᠤ ᠪᠦᠯᠦᠭᠯᠡᠯ ᠪᠣᠯᠣᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠳᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠤᠭ᠎ᠠ ᠪᠠᠷ ᠨᠢ ᠵᠠᠷᠤᠳᠠᠯ ᠥᠭᠬᠦ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠨ ᠤ ᠲᠥᠷᠥᠯ ᠢᠶᠠᠷ ᠵᠠᠷᠤᠳᠠᠯ ᠥᠭᠬᠦ ᠬᠡᠷᠡᠭᠵᠢᠭᠦᠯᠦᠯᠲᠡ ᠶᠢ ᠠᠬᠢᠭᠤᠯᠵᠤ᠂ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠥᠬᠦᠶ ᠳᠤᠭᠤᠶᠢᠯᠠᠩ ᠬᠤᠪᠢᠶᠠᠨ DRGs ᠵᠠᠷᠤᠳᠠᠯ ᠥᠭᠬᠦ ᠲᠤᠷᠰᠢᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠠᠷᠤᠳᠠᠯ ᠬᠤᠷᠢᠶᠠᠵᠤ ᠲᠤᠰᠢᠶᠠᠬᠤ ᠮᠡᠳᠡᠭᠡ ᠵᠠᠩᠭᠢ ᠶᠢᠨ ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠬᠦ ᠶᠢ ᠴᠢᠩᠭᠠᠳᠬᠠᠨ᠂ ᠣᠨᠳᠣᠤ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ ᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠭᠤᠷᠮᠠᠭ ᠢᠶᠠᠷ ᠡᠮᠨᠡᠯᠭᠡ ᠳᠤ ᠰᠠᠭᠤᠬᠤ᠂ ᠳᠠᠭᠠᠳᠬᠠᠯ ᠮᠡᠬᠡᠯᠡᠵᠦ ᠠᠪᠬᠤ ᠵᠡᠷᠭᠡ ᠠᠰᠠᠭᠤᠳᠠᠯ ᠢ ᠡᠷᠴᠢᠮᠲᠡᠢ ᠰᠢᠢᠳᠪᠦᠷᠢᠯᠡᠬᠦ ᠬᠡᠷᠡᠭᠲᠡᠢ᠃
ᠣᠶᠢᠯᠠᠭᠠᠭᠰᠠᠨ ᠢᠶᠠᠷ᠂ 2018 ᠣᠨ ᠳᠤ ᠮᠠᠨ ᠤ ᠣᠷᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ 8543 ᠵᠦᠢᠯ ᠤᠨ ᠡᠮ ᠡᠮᠨᠡᠯᠭᠡ ᠶᠢᠨ ᠦᠶᠯᠡᠴᠢᠯᠡᠭᠡᠨ ᠤ ᠲᠥᠷᠥᠯ ᠵᠦᠶᠯ ᠪᠠ ᠦᠨ᠎ᠡ ᠬᠠᠩᠰᠢ ᠳᠤ ᠵᠠᠰᠠᠪᠤᠷᠢ ᠣᠷᠣᠭᠤᠯᠵᠤ᠂ ᠠᠶᠢᠮᠠᠭ ᠬᠤᠲᠠ ᠪᠠᠷ ᠪᠣᠯᠭᠠᠭᠰᠠᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠪᠠ︔ ᠡᠯ᠎ᠡ ᠠᠶᠢᠮᠠᠭ ᠬᠤᠳᠠ ᠴᠥᠮ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠤᠨ ᠠᠵᠢᠯ ᠤᠨ ᠲᠥᠰᠦᠯ ᠢ ᠪᠠᠶᠢᠭᠤᠯᠵᠤ᠂ 101 ᠡᠮᠨᠡᠯᠭᠡ ᠶᠢᠨ ᠬᠤᠷᠢᠶ᠎ᠠ ᠨᠢ ᠲᠦᠷᠢᠮ ᠲᠣᠭᠲᠠᠭᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠂ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠣᠷᠣᠨ ᠳᠤ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ 177 ᠵᠣᠬᠢᠶᠠᠨ ᠪᠠᠶᠢᠭᠤᠯᠵᠤ᠂ ᠪᠣᠶ ᠪᠥᠬᠦᠶ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠬᠠᠮᠤᠷᠪᠠ᠃ ᠬᠡᠷ ᠪᠦᠯᠢ ᠶᠢᠨ ᠡᠮᠴᠢ ᠶᠢᠨ ᠦᠶᠯᠡᠴᠢᠯᠡᠭᠡᠨ ᠤ ᠪᠦᠯᠬᠦᠮ ᠢ 9247 ᠪᠠᠶᠢᠭᠤᠯᠵᠤ᠂ ᠭᠡᠷ ᠪᠦᠯᠢ ᠶᠢᠨ ᠡᠮᠴᠢ ᠶᠢᠨ ᠠᠯᠤᠰ ᠡᠵᠡᠮᠰᠢᠯᠲᠦ ᠡᠮᠴᠢᠯᠡᠭᠡᠨ ᠤ ᠦᠶᠯᠡᠴᠢᠯᠡᠭᠡ ᠬᠢᠭᠡᠳ ᠡᠷᠡᠭᠦᠯ ᠮᠡᠨᠳᠦ ᠶᠢᠨ ᠬᠠᠮᠢᠶᠠᠷᠤᠯᠲᠠ ᠶᠢ ᠭᠡᠷ ᠪᠦᠯᠢ ᠳᠤ ᠬᠦᠷᠦᠭᠦᠯᠬᠦ ᠢᠨᠵᠧᠨᠧᠷᠢᠩ ᠢ ᠡᠬᠢᠯᠡᠭᠦᠯᠪᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ 605 ᠲᠥᠷᠥᠯ ᠤᠨ ᠡᠪᠡᠳᠴᠢᠨ ᠢ ᠡᠪᠡᠳᠴᠢᠨ ᠤ ᠲᠥᠷᠥᠯ ᠢᠶᠠᠷ ᠵᠠᠷᠤᠳᠠᠯ ᠳᠥᠯᠥᠬᠦ ᠬᠠᠮᠢᠶᠠᠷᠤᠯᠲᠠ ᠶᠢᠨ ᠬᠦᠷᠢᠶᠡᠨ ᠳᠤ ᠣᠷᠤᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠦᠬᠦᠨ ᠢᠶᠠᠷ ᠢᠶᠠᠨ ᠡᠪᠡᠳᠴᠢᠨ ᠤ ᠲᠥᠷᠥᠯ ᠢᠶᠠᠷ ᠵᠠᠷᠤᠳᠠᠯ ᠬᠤᠷᠢᠶᠠᠵᠤ ᠲᠤᠰᠢᠶᠠᠬᠤ ᠠᠵᠢᠯ ᠢ ᠥᠷᠨᠢᠭᠦᠯᠪᠡ᠃