ᠵᠤᠬᠢᠶᠠᠭᠴᠢ:
ᠴᠠᠭ:2019-03-26
ᠥᠵᠡᠭᠰᠡᠨ : ℃
ᠢᠷᠡᠯᠲᠡ:
ᠥᠪᠥᠷ ᠮᠣᠩᠭᠤᠯ ᠡᠨᠡ ᠵᠢᠯ ᠤᠨ ᠡᠴᠦᠰ ᠲᠤ ᠤᠯᠠᠭᠠᠨᠰᠤᠬᠠᠢ ᠨᠠᠭᠤᠷ ᠲᠤ ᠪᠤᠵᠢᠷᠳᠤᠯ ᠤᠨ ᠣᠷᠣᠨ ᠤ ᠪᠣᠬᠢᠷ ᠤᠰᠤ ᠶᠢ ᠣᠷᠣᠭᠤᠯᠬᠤ ᠥᠬᠡᠶ ᠪᠣᠯᠭᠠᠨ᠎ᠠ
ᠣᠶᠢᠷ᠎ᠠ ᠶᠢᠨ ᠵᠢᠯ ᠤᠨ ᠲᠤᠷᠰᠢ ᠂ ᠥᠪᠥᠷ ᠮᠣᠩᠭᠤᠯ ᠤᠯᠠᠭᠠᠨᠰᠤᠬᠠᠢ ᠨᠠᠭᠤᠷ ᠤᠨ ᠪᠤᠵᠢᠷᠳᠤᠯ ᠤᠨ ᠣᠷᠣᠨ ᠤ ᠪᠣᠬᠢᠷ ᠤᠰᠤ ᠶᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠣᠬᠢᠷ ᠤᠰᠤ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠳᠠᠬᠢᠯᠲᠠ ᠤᠰᠤᠨ ᠤ ᠬᠤᠭᠤᠯᠠᠶ ᠶᠢᠨ ᠲᠣᠤᠷ ᠤᠨ ᠪᠦᠲᠦᠭᠡᠨ ᠪᠠᠢᠭᠤᠯᠤᠯᠲᠠ ᠵᠡᠷᠭᠡ ᠠᠯᠢ ᠣᠯᠠᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠢᠳᠡᠪᠬᠢᠲᠡᠶ ᠠᠬᠢᠴᠠ ᠲᠠᠢ ᠪᠣᠯᠵᠤ᠂ ᠡᠨᠡ ᠵᠢᠯ ᠤᠨ ᠡᠴᠦᠰ ᠲᠤ ᠪᠤᠵᠢᠷᠳᠤᠯ ᠤᠨ ᠣᠷᠣᠨ ᠤ ᠪᠣᠬᠢᠷ ᠤᠰᠤ ᠶᠢ ᠤᠯᠠᠭᠠᠨᠰᠤᠬᠠᠢ ᠨᠠᠭᠤᠷ ᠲᠤ ᠣᠷᠣᠭᠤᠯᠬᠤ ᠥᠬᠡᠶ ᠪᠠᠶᠢᠬᠤ ᠬᠠᠷᠠᠯᠲᠠ ᠶᠢ ᠃
ᠰᠤᠷᠪᠤᠯᠵᠢᠯᠠᠭᠴᠢ ᠥᠭᠡᠷᠡᠴᠢᠯᠡᠭᠰᠡᠨ ᠤ ᠳᠠᠷᠠᠭᠠᠬᠢ ᠪᠠᠶᠠᠨᠨᠠᠭᠤᠷ ᠬᠤᠲᠠ ᠶᠢᠨ ᠲᠣᠭᠤᠷᠢᠭ ᠤᠨ ᠳ᠋ᠦᠩ ᠴᠧᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠣᠯᠵᠤ ᠬᠠᠷᠠᠭᠰᠠᠨ ᠨᠢ᠂ ᠣᠰᠣᠨ ᠠᠮᠠᠰᠠᠷ ᠢᠶᠠᠷ ᠣᠷᠣᠭᠰᠠᠨ ᠪᠤᠯᠠᠩᠭᠢᠷ ᠪᠣᠬᠢᠷ ᠤᠰᠤ ᠶᠢ ᠤ ᠰᠡᠭᠦᠯᠡᠷ᠂ ᠤᠰᠤ ᠲᠤᠩᠭᠠᠯᠠᠭ ᠰᠠᠶᠢᠬᠠᠨ ᠪᠣᠯᠤᠭᠰᠠᠨ ᠪᠠᠶᠢᠨ᠎ᠠ᠃ ᠰᠢᠯᠭᠠᠨ ᠪᠠᠶᠢᠴᠠᠭᠠᠭᠰᠠᠨ ᠢᠶᠠᠷ᠂ ᠤᠰᠤ ᠭᠠᠷᠭᠠᠬᠤ ᠬᠡᠮᠵᠢᠶ᠎ᠡ ᠨᠢ ᠤᠯᠤᠰ ᠤᠨ ᠨᠢᠭᠡᠳᠦᠭᠡᠷ ᠲᠡᠰ ᠤᠨ A ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃
ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠭᠰᠡᠨ ᠢᠶᠠᠷ᠂ ᠣᠳᠣᠬᠠᠨ ᠳᠤ ᠰᠠᠪᠠ ᠭᠠᠵᠠᠷ ᠤᠨ ᠳᠣᠲᠣᠷᠠᠬᠢ 7 ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ 4 ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠴᠥᠮ ᠤᠯᠤᠰ ᠤᠨ ᠨᠢᠭᠡᠳᠦᠭᠡᠷ ᠲᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠴᠦ᠂ ᠤᠰᠤ ᠭᠠᠳᠠᠭᠰᠢᠯᠠᠭᠤᠯᠬᠤ 55 ᠠᠵᠤ ᠠᠬᠤᠢᠯᠠᠯ ᠤᠨ ᠪᠣᠬᠢᠷ ᠤᠰᠤ ᠨᠢ ᠡᠳᠡᠭᠡᠷ ᠰᠢᠢᠳᠪᠦᠷᠢᠯᠡᠬᠦ ᠦᠢᠯᠡᠳᠪᠦᠷᠢ ᠳᠤ ᠣᠷᠣᠵᠤ᠂ ᠲᠥᠪᠯᠡᠷᠡᠭᠦᠯᠦᠨ ᠰᠢᠢᠳᠪᠦᠷᠢᠯᠡᠬᠦ ᠪᠠᠷ ᠳᠠᠮᠵᠢᠨ ᠳᠠᠬᠢᠯᠲᠠ ᠤᠰᠤ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠲᠤ ᠪᠠᠰᠠ ᠤᠰᠤ ᠲᠠᠷᠠᠬᠠᠶ ᠭᠠᠳᠠᠭᠰᠢᠯᠠᠭᠤᠯᠬᠤ ᠨᠢᠭᠡ ᠪᠦᠯᠦᠭ ᠠᠵᠤ ᠠᠬᠤᠶᠢᠯᠠᠯ ᠪᠠᠶᠢᠳᠠᠭ᠂ ᠲᠡᠳᠡᠨ ᠤ ᠭᠠᠳᠠᠭᠰᠢᠯᠠᠭᠤᠯᠤᠭᠰᠠᠨ ᠪᠣᠬᠢᠷ ᠤᠰᠤ ᠨᠢ ᠭᠤᠤ ᠰᠤᠪᠠᠭ ᠢᠶᠠᠷ ᠳᠠᠮᠵᠢᠨ ᠨᠠᠭᠤᠷ ᠲᠤ ᠴᠢᠳᠬᠤᠳᠠᠭ᠃ ᠤᠯᠠᠭᠠᠨᠰᠤᠬᠠᠢ ᠨᠠᠭᠤᠷ ᠤᠨ ᠡᠬᠢ ᠡᠭᠦᠰᠦᠯ ᠢ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠤᠨ ᠲᠠᠨᠢᠯᠴᠠᠭᠤᠯᠤᠭᠰᠠᠨ ᠢᠶᠠᠷ᠂ ᠨᠢᠳᠤᠨᠤᠨ ᠠᠴᠠ ᠂ ᠲᠥᠪᠡᠳ ᠬᠠᠰᠢ ᠪᠣᠯᠪᠠᠰᠤᠷᠠᠭᠤᠯᠬᠤ᠂ ᠤᠰᠤ ᠦᠭᠡᠶᠢᠳᠡᠭᠦᠯᠦᠭᠰᠡᠨ ᠨᠣᠭᠤᠭ᠎ᠠ ᠪᠣᠯᠪᠠᠰᠤᠷᠠᠭᠤᠯᠬᠤ ᠵᠡᠷᠭᠡ ᠤᠰᠤ ᠲᠠᠷᠠᠬᠠᠶ ᠭᠠᠳᠠᠭᠰᠢᠯᠠᠭᠤᠯᠬᠤ 149 ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠨᠢ ᠥᠭᠡᠷᠡᠴᠢᠯᠡᠨ ᠰᠠᠶᠢᠵᠢᠷᠠᠭᠤᠯᠵᠤ᠂ ᠤᠰᠤᠨ ᠤ ᠡᠷᠭᠢᠯᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠤ ᠬᠠᠮᠲᠤ ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭᠠᠬᠢ ᠳᠠᠬᠢᠯᠲᠠ ᠤᠰᠤ ᠶᠢ ᠤᠶᠢᠵᠢᠭᠤᠯᠲᠠ ᠪᠤᠶᠤ ᠤᠰᠤᠯᠤᠯᠲᠠ ᠳᠤ ᠃
ᠪᠦᠷᠢᠳᠬᠡᠯ ᠢ ᠦᠨᠳᠦᠰᠦᠯᠡᠪᠡᠯ ᠂ 2018 ᠣᠨ ᠳᠤ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠡᠯ᠎ᠡ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠪᠤᠴᠠᠭᠠᠨ ᠬᠡᠷᠡᠭᠯᠡᠭᠰᠡᠨ ᠶᠡᠷᠦᠩᠬᠡᠶ ᠬᠡᠮᠵᠢᠶ᠎ᠡ ᠨᠢ 2700 ᠲᠦᠮᠡᠨ ᠲᠣᠨ ᠢ ᠳᠠᠪᠠᠵᠤ᠂ ᠪᠤᠴᠠᠭᠠᠨ ᠬᠡᠷᠡᠭᠯᠡᠭᠰᠡᠨ ᠨᠣᠷᠮ᠎ᠠ ᠨᠢ 60 % ᠳᠤ ᠬᠦᠷᠴᠡᠶ᠂ ᠡᠭᠦᠨ ᠳᠤ 4 ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢᠭᠡᠨᠲᠡ ᠳᠠᠬᠢᠯᠲᠠ ᠤᠰᠤ ᠶᠢ ᠪᠦᠬᠦᠨ ᠢ ᠪᠤᠴᠠᠭᠠᠨ ᠬᠡᠷᠡᠭᠯᠡᠵᠦ᠂ ᠭᠠᠳᠠᠭᠰᠢᠯᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ︔ ᠤᠰᠤ ᠲᠠᠷᠠᠬᠠᠶ ᠭᠠᠳᠠᠭᠰᠢᠯᠠᠭᠤᠯᠬᠤ ᠠᠵᠤ ᠠᠬᠤᠶᠢᠯᠠᠯ ᠤᠨ ᠳᠠᠬᠢᠯᠲᠠ ᠤᠰᠤ ᠪᠤᠴᠠᠭᠠᠨ ᠬᠡᠷᠡᠭᠯᠡᠬᠦ ᠨᠣᠷᠮ᠎ᠠ ᠨᠢ ᠴᠦ ᠦᠨᠳᠦᠰᠦᠨ ᠳᠡᠭᠡᠨ 60 % ᠶᠢᠨ ᠲᠦᠪᠰᠢᠨ ᠳᠤ ᠬᠦᠷᠴᠡᠶ᠃
2019 ᠣᠨ ᠡᠴᠦᠰ ᠲᠤ᠂ ᠡᠯ᠎ᠡ ᠲᠥᠷᠥᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠂ ᠤᠰᠤ ᠲᠠᠷᠠᠬᠠᠶ ᠪᠤᠲᠠᠷᠬᠠᠶ ᠭᠠᠳᠠᠭᠰᠢᠯᠠᠭᠤᠯᠬᠤ ᠠᠵᠤ ᠠᠬᠤᠶᠢᠯᠠᠯ ᠤᠨ ᠳᠠᠬᠢᠯᠲᠠ ᠤᠰᠤ ᠶᠢ ᠪᠤᠴᠠᠭᠠᠨ ᠬᠡᠷᠡᠭᠯᠡᠬᠦ ᠨᠤᠷᠮ᠎ᠠ ᠶᠢ 100 % ᠳᠤ ᠬᠦᠷᠦᠭᠦᠯᠵᠦ᠂ ᠪᠤᠵᠢᠷᠳᠤᠯ ᠤᠨ ᠣᠷᠣᠨ ᠤ ᠪᠣᠬᠢᠷ ᠤᠰᠤ ᠶᠢ ᠤᠯᠠᠭᠠᠨᠰᠤᠬᠠᠢ ᠨᠠᠭᠤᠷ ᠲᠤ ᠣᠷᠣᠭᠤᠯᠬᠤ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ ᠭᠡᠵᠡᠢ᠃