ᠵᠤᠬᠢᠶᠠᠭᠴᠢ:
ᠴᠠᠭ:2019-03-21
ᠥᠵᠡᠭᠰᠡᠨ : ℃
ᠢᠷᠡᠯᠲᠡ:
ᠪᠦᠬᠦ ᠤᠷᠤᠨ ᠤ ᠠᠵᠤ ᠦᠢᠯᠡᠰ ᠢᠶᠠᠷ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ ᠲᠠᠯ᠎ᠠ ᠪᠠᠷ ᠵᠠᠰᠠᠬ ᠤᠨ ᠤᠷᠳᠤᠨ ᠮᠦᠩᠭᠦᠨ ᠭᠦᠢᠯᠭᠡᠭᠡ ᠠᠵᠤ ᠠᠬᠤᠢᠢᠯᠠᠯ ᠢ ᠵᠤᠯᠭᠠᠯᠴᠠᠭᠤᠯᠬᠤ ᠬᠤᠷᠠᠯ ᠬᠤᠷᠠᠯᠳᠤᠵᠠᠢ ᠪᠦ᠋ ᠰᠢᠶᠤᠤ ᠯᠢᠨ ᠤᠷᠤᠯᠴᠠᠵᠠᠢ

2019 3 ᠳ᠋ᠤᠭᠠᠷ ᠰᠠᠷ᠎ᠠ ᠶᠢᠨ 20 ᠡᠳᠦᠷ᠂ ᠪᠦᠬᠦ ᠤᠷᠤᠨ ᠤ ᠠᠵᠤ ᠦᠢᠯᠡᠰ ᠢᠶᠠᠷ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ ᠲᠠᠯ᠎ᠠ ᠪᠠᠷ ᠵᠠᠰᠠᠬ ᠤᠨ ᠤᠷᠳᠤᠨ ᠮᠦᠩᠭᠦᠨ ᠭᠦᠢᠯᠭᠡᠭᠡ ᠠᠵᠤ ᠠᠬᠤᠢᠢᠯᠠᠯ ᠵᠤᠯᠭᠠᠯᠴᠠᠭᠤᠯᠬᠤ ᠬᠤᠷᠠᠯ ᠤᠯᠠᠭᠠᠨᠬᠠᠳᠠ ᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠪᠠ᠃
ᠬᠤᠷᠠᠯ ᠨᠢ ᠪᠦᠬᠦ ᠤᠯᠤᠰ ᠤᠨ ᠬᠤᠶᠠᠷ ᠬᠤᠷᠠᠯ ᠤᠨ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠮᠦᠩᠭᠦᠨ ᠭᠦᠢᠯᠭᠡᠭᠡ ᠶᠢᠨ ᠰᠠᠯᠠᠭ᠎ᠠ ᠮᠦᠴᠢᠷ ᠪᠤᠯᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠵᠤ ᠠᠬᠤᠢᠢᠯᠠᠯ᠂ ᠬᠤᠷᠰᠢᠶ᠎ᠠ ᠵᠡᠷᠭᠡ ᠰᠢᠨ᠎ᠡ ᠮᠠᠶ᠋ᠢᠬ ᠤᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠬᠴᠠ ᠶᠢ ᠵᠤᠬᠢᠶᠠᠨ ᠪᠠᠶᠢᠭᠤᠯᠵᠤ ᠵᠤᠯᠭᠠᠯᠴᠠᠭ᠎ᠠ ᠦᠷᠨᠢᠭᠦᠯᠪᠡ᠃ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠬᠢᠨ ᠨᠡᠶᠢᠲᠡᠯᠢᠭ ᠶᠠᠷᠢᠶ᠎ᠠ ᠲᠠᠯᠪᠢᠵᠤ᠂ ᠤᠯᠤᠰ ᠤᠨ ᠨᠡᠭᠡᠭᠡᠨ ᠬᠦᠭᠵᠢᠭᠦᠯᠦᠯᠲᠡ ᠶᠢᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ ᠂ ᠲᠠᠷᠢᠶᠠᠯᠠᠩ ᠤᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ᠂ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠢᠲᠡᠬᠡᠮᠵᠢ ᠶᠢᠨ ᠬᠤᠯᠪᠤᠭᠠᠲᠤ ᠬᠤᠷᠰᠢᠶ᠎ᠠ᠂ ᠠᠷᠠᠳ ᠲᠦᠮᠡᠨ ᠤ ᠡᠳ᠋ ᠬᠦᠷᠦᠩᠭᠡ ᠶᠢᠨ ᠳᠠᠭᠠᠳᠬᠠᠯ ᠤᠨ ᠦᠪᠦᠷ ᠮᠤᠩᠭᠤᠯ ᠤᠨ ᠬᠤᠪᠢᠶᠠᠷᠢ ᠺᠤᠮᠫᠠᠨᠢ᠂ ᠦᠪᠡᠷᠲᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠪᠡᠯᠡ ᠲᠣᠬᠢᠷᠠᠭᠤᠯᠭ᠎ᠠ ᠪᠠᠷᠢᠴᠠᠭᠠᠳᠤ ᠬᠢᠵᠠᠭᠠᠷᠲᠤ ᠺᠤᠮᠫᠠᠨᠢ᠂ ᠬᠢᠩᠭᠠᠨ ᠠᠶᠢᠮᠠᠬ ᠤᠨ ᠠᠢ ᠹᠠᠩ ᠮᠦ ᠠᠮᠢᠳᠤ ᠪᠤᠳᠠᠰ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠴᠠᠬᠠᠷ ᠪᠠᠷᠠᠭᠤᠨ ᠭᠠᠷᠤᠨ ᠡᠮᠦᠨᠡᠲᠤ ᠬᠤᠰᠢᠭᠤᠨ ᠤ ᠮᠧᠩ ᠲᠢᠶᠠᠨ ᠷᠠᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠺᠤᠮᠫᠠᠨᠢ ᠶᠢᠨ ᠬᠢᠨ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠪᠠ ᠶᠠᠳᠠᠭᠤ ᠶᠢ ᠳᠡᠳᠬᠦᠬᠦ ᠠᠯᠪᠠᠨ ᠭᠡᠷ᠂ ᠤᠯᠤᠰ ᠤᠨ ᠨᠡᠭᠡᠭᠡᠨ ᠬᠦᠭᠵᠢᠭᠦᠯᠦᠯᠲᠡ ᠶᠢᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ ᠲᠠᠢ ᠭᠤᠷᠪᠠᠨ ᠲᠠᠯ᠎ᠠ ᠪᠠᠷ ᠢᠶᠠᠨ ᠬᠠᠮᠲᠤᠷᠠᠯᠴᠠᠨ ᠪᠦᠬᠦ ᠤᠷᠤᠨ ᠤ ᠠᠵᠤ ᠦᠢᠯᠡᠰ ᠢᠶᠠᠷ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ ᠶᠢ ᠠᠬᠢᠭᠤᠯᠬᠤ ᠵᠡᠷᠭᠡ 17 ᠠᠳᠠᠯᠢ ᠪᠤᠰᠤ ᠲᠦᠷᠦᠯ ᠤᠨ᠂ ᠲᠦᠯᠦᠭᠡᠯᠡᠬᠦ ᠠᠴᠢ ᠬᠤᠯᠪᠤᠬᠳᠠᠯ ᠲᠠᠢ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠠᠯ᠎ᠠ ᠪᠠᠷ ᠵᠠᠰᠠᠬ ᠤᠨ ᠤᠷᠳᠤᠨ ᠮᠦᠩᠭᠦᠨ ᠭᠦᠢᠯᠭᠡᠭᠡ ᠠᠵᠤ ᠠᠬᠤᠢᠢᠯᠠᠯ ᠢ ᠵᠤᠯᠭᠠᠯᠴᠠᠭᠤᠯᠬᠤ ᠲᠦᠷᠦᠯ ᠵᠦᠢᠯ ᠲᠠᠯᠠᠪᠠᠢ ᠳᠤ ᠭᠡᠷ᠎ᠡ ᠲᠤᠬᠲᠠᠪᠠ᠃
ᠪᠦ᠋ ᠰᠢᠶᠤᠤ ᠯᠢᠨ ᠪᠤᠯᠤᠨ ᠬᠤᠷᠠᠯ ᠳᠤ ᠤᠷᠤᠯᠴᠠᠬᠰᠠᠳ ᠪᠠᠰᠠ ᠮᠦᠩᠭᠦᠨ ᠭᠦᠢᠯᠭᠡᠭᠡᠨ ᠤ ᠬᠠᠮ ᠳᠡᠯᠭᠡᠭᠦᠷ ᠢ ᠲᠣᠭᠤᠷᠢᠨ ᠦᠵᠡᠪᠡ᠃