ᠵᠤᠬᠢᠶᠠᠭᠴᠢ:
ᠴᠠᠭ:2019-03-19
ᠥᠵᠡᠭᠰᠡᠨ : ℃
ᠢᠷᠡᠯᠲᠡ:
ᠯᠢ ᠵᠢᠢ ᠡᡁᠧᠩ ᠪᠠᠶᠠᠨᠨᠠᠭᠤᠷ ᠬᠤᠳᠠ ᠳᠤ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠦ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ

2019 3 ᠳ᠋ᠤᠭᠠᠷ ᠰᠠᠷ᠎ᠠ ᠶᠢᠨ 19 ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ ᠤᠰᠤ ᠲᠠᠳᠠᠷᠠᠭᠤᠯᠬᠤ ᠵᠠᠩᠬᠢᠯᠠᠭ᠎ᠠ ᠪᠠᠷᠢᠯᠭ᠎ᠠ ᠬᠤᠩ ᠭᠧ ᠫᠦ᠋ ᠤᠰᠤ ᠳᠠᠳᠠᠷᠠᠭᠤᠯᠬᠤ ᠦᠷᠳᠡᠭᠡ ᠳᠤ ᠬᠦᠷᠴᠤ᠂ ᠲᠤᠬᠠᠢ ᠶᠢᠨ ᠭᠠᠵᠠᠷ ᠲᠤ ᠨᠢ ᠤᠰᠤ ᠲᠠᠳᠠᠷᠠᠭᠤᠯᠬᠤ ᠱᠤᠭᠤᠮ ᠤᠨ ᠤᠯᠠᠭᠠᠨᠰᠤᠬᠠᠢ ᠠᠮᠢ ᠠᠬᠤᠢ ᠶᠢᠨ ᠤᠰᠤ ᠨᠦᠬᠦᠪᠤᠷᠢᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠤ᠂ ᠤᠯᠠᠭᠠᠨᠰᠤᠬᠠᠢ ᠶᠠᠷᠤᠩᠬᠡᠶᠢᠯᠠᠨ ᠵᠠᠰᠠᠬᠤ ᠠᠷᠭ᠎ᠠ ᠬᠡᠮᠵᠢᠶ᠎ᠠ ᠪᠤᠯᠤᠨ ᠦᠷ᠎ᠠ ᠪᠦᠳᠤᠮᠵᠢ ᠶᠢ ᠨᠠᠷᠢᠨ ᠤᠢᠢᠯᠠᠭᠠᠪᠠ᠃
2019 3 ᠳ᠋ᠤᠭᠠᠷ ᠰᠠᠷ᠎ᠠ ᠶᠢᠨ 19 ᠡᠳᠤᠷ ᠠᠴᠠ 20 ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠤᠷᠠᠳ ᠤᠨ ᠡᠮᠤᠨᠡᠳᠤ ᠬᠤᠰᠢᠭᠤ᠂ ᠦᠶᠤᠸᠠᠨ ᠰᠢᠶᠠᠨ᠂ ᠬᠠᠩᠬᠢᠨ ᠬᠤᠶᠢᠳᠤ ᠬᠤᠰᠢᠭᠤ ᠪᠤᠯᠤᠨ ᠲᠤᠭᠤᠷᠢᠬ ᠲᠤ ᠬᠦᠨᠵᠡᠬᠡᠶᠢᠷᠡᠵᠤ᠂ ᠶᠠᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ᠃
ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃