ᠵᠤᠬᠢᠶᠠᠭᠴᠢ:
ᠴᠠᠭ:2019-03-13
ᠥᠵᠡᠭᠰᠡᠨ : ℃
ᠢᠷᠡᠯᠲᠡ:
ᠬᠤᠷᠢᠶᠡᠨ ᠤ ᠬᠤᠶᠠᠳᠤᠭᠠᠷ ᠬᠤᠷᠡᠯ ᠲᠡᠬᠦᠰᠪᠡ

ᠲᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶᠡᠨ ᠤ ᠬᠤᠶᠠᠳᠤᠭᠠᠷ ᠬᠤᠷᠡᠯ ᠡᠯ᠎ᠡ ᠵᠦᠪᠯᠡᠬᠦ ᠵᠦᠢᠯ ᠢᠶᠠᠨ ᠠᠮᠵᠢᠯᠳᠡ ᠲᠠᠢ ᠵᠦᠪᠯᠡᠵᠥ ᠲᠠᠭᠤᠰᠬᠠᠭᠠᠳ 2019 3 13 ᠦᠳᠡ ᠶᠢᠨ ᠡᠮᠤᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ ᠲᠡᠬᠦᠰᠪᠡ᠃ ᠬᠤᠷᠡᠯ ᠠᠴᠠ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ᠂ ᠡᠯ᠎ᠡ ᠤᠷᠤᠯᠴᠠᠭᠴᠢ ᠪᠤᠯᠤᠨ ᠦᠷᠬᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ ᠦᠷᠬᠦᠯᠵᠢᠯᠡᠨ ᠲᠡᠮᠡᠴᠡᠵᠥ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠪᠠ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠳᠤ ᠲᠠᠯᠪᠢᠬᠰᠠᠠ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠥ᠂ ᠤᠯᠤᠰ ᠤᠨ ᠲᠤᠳᠤᠭᠠᠳᠤ ᠭᠠᠳᠠᠭᠠᠳᠤ ᠶᠢᠨ ᠲᠤᠮᠳᠠᠳᠤ ᠶᠢᠨ ᠬᠦᠪᠡᠬᠦᠳ ᠦᠬᠢᠳ ᠤᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠤᠶᠤᠨ ᠤᠬᠠᠭᠠᠨ ᠪᠤᠯᠤᠨ ᠬᠦᠴᠦᠨ ᠴᠢᠳᠠᠯ ᠢ ᠨᠢᠬᠳᠠᠷᠠᠭᠤᠯᠵᠥ᠂ ᠰᠢᠯᠢᠳᠡᠭ ᠠᠮᠵᠢᠯᠳᠡ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠠ 70 ᠵᠢᠯ ᠤᠨ ᠤᠢ ᠶᠢ ᠪᠡᠯᠬᠡᠯᠡᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠲᠡᠮᠡᠴᠡᠨ ᠤᠯᠬᠤ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠯ ᠲᠠᠢ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠬᠡᠮ ᠵᠢᠷᠤᠮ ᠤᠨ ᠤᠳᠤᠬᠢᠴᠢᠯᠠᠬᠰᠠᠠ ᠬᠦᠴᠦᠷᠬᠡᠭ ᠤᠯᠤᠰ ᠪᠤᠯᠭᠠᠨ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠳᠦᠬᠡᠢ ᠬᠡᠵᠥ ᠤᠷᠢᠶᠡᠯᠡᠪᠡ᠃