ᠵᠤᠬᠢᠶᠠᠭᠴᠢ:
ᠴᠠᠭ:2019-03-06
ᠥᠵᠡᠭᠰᠡᠨ : ℃
ᠢᠷᠡᠯᠲᠡ:
ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 3 ᠵᠢᠯ ᠳᠠᠷᠠᠭᠠᠯᠠᠨ 44% ᠳᠤ ᠲᠣᠭᠲᠠᠪᠤᠷᠢᠵᠢᠪᠠ
ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷᠭᠦᠯᠵᠢᠯᠡᠨ ᠥᠷᠨᠢᠬᠦ ᠶᠢ ᠳᠠᠭᠠᠯᠳᠤᠨ᠂ 2016 ᠣᠨ ᠠᠴᠠ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 3 ᠵᠢᠯ ᠳᠠᠷᠠᠭᠠᠯᠠᠨ 44% ᠳᠤ ᠲᠣᠭᠲᠠᠪᠤᠷᠢᠵᠢᠵᠤ᠂ ᠨᠤᠲᠤᠭ ᠪᠡᠯᠴᠢᠭᠡᠷ ᠤᠨ ᠠᠮᠢ ᠠᠬᠤᠶ ᠮᠠᠭᠤᠲᠠᠬᠤ ᠬᠠᠨᠳᠤᠰᠢ ᠶᠢ ᠶᠡᠷᠦᠩᠬᠡᠶ ᠳᠤ ᠨᠢ ᠬᠤᠷᠢᠭᠯᠠᠵᠤ ᠳᠡᠶᠢᠯᠦᠭᠰᠡᠨ ᠪᠠᠶᠢᠨ᠎ᠠ᠃
ᠥᠪᠥᠷ ᠮᠣᠩᠭᠤᠯ ᠳᠤ 13.2 ᠳ᠋ᠥᠩᠰᠢᠭᠤᠷ ᠮᠦ ᠨᠤᠲᠤᠭ ᠪᠡᠯᠴᠢᠭᠡᠷ ᠪᠣᠢ᠂ ᠪᠠᠷᠤᠭ ᠪᠦᠬᠦ ᠤᠯᠤᠰ ᠤᠨ ᠨᠤᠲᠤᠭ ᠪᠡᠯᠴᠢᠭᠡᠷ ᠤᠨ ᠲᠠᠯᠠᠪᠠᠢ ᠶᠢᠨ ᠲᠠᠪᠤᠨ ᠤ ᠨᠢᠭᠡ ᠶᠢ ᠡᠵᠡᠯᠡᠨ᠎ᠡ᠃ 20 ᠵᠠᠭᠤᠨ ᠤ ᠶᠡᠷᠡᠭᠡᠳ ᠣᠨ ᠤ ᠰᠡᠭᠦᠯᠴᠢ ᠪᠠᠷ᠂ ᠵᠢᠯ ᠳᠠᠷᠠᠭᠠᠯᠠᠨ ᠭᠠᠩ ᠬᠠᠭᠤᠷᠠᠶ᠂ ᠬᠡᠳᠦ ᠪᠡᠯᠴᠢᠭᠡᠷᠯᠡᠭᠦᠯᠬᠦ᠂ ᠨᠤᠲᠤᠭ ᠪᠡᠯᠴᠢᠭᠡᠷ ᠤᠨ ᠪᠦᠳᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠣᠷᠣᠭᠤᠯᠤᠯᠲᠠ ᠳᠤᠲᠠᠮᠠᠭ ᠪᠣᠯᠤᠭᠰᠠᠨ ᠵᠡᠷᠭᠡ ᠰᠢᠯᠲᠠᠭᠠᠨ ᠠᠴᠠ ᠪᠣᠯᠵᠤ᠂ ᠬᠡᠰᠡᠭ ᠨᠤᠲᠤᠭ ᠪᠡᠯᠴᠢᠭᠡᠷ ᠮᠠᠭᠤᠳᠠᠵᠤ᠂ ᠡᠯᠡᠰᠦᠷᠬᠡᠭᠵᠢᠬᠦ ᠦᠵᠡᠭᠳᠡᠯ ᠬᠡᠴᠡᠭᠦᠳᠡᠭᠰᠡᠨ ᠪᠠᠶᠢᠨ᠎ᠠ᠃ ᠤᠶᠢᠷ᠎ᠠ ᠶᠢᠨ ᠵᠢᠯ ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠳᠣᠤᠷ᠎ᠠ᠂ ᠥᠪᠥᠷ ᠮᠣᠩᠭᠤᠯ ᠳᠤᠮᠳᠠᠳᠤ ᠤᠯᠤᠰ ᠤᠨ ᠬᠠᠮᠤᠭ ᠤᠨ ᠲᠣᠮᠣ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠠᠯᠬᠤᠮ ᠠᠯᠬᠤᠮ ᠢᠶᠠᠷ ᠪᠠᠶᠢᠨ᠎ᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠠᠷᠤᠭ᠎ᠠ ᠰᠦᠨ ᠵᠧᠨ ᠶᠦᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠢ ᠠᠳᠠᠯᠢ ᠪᠠᠷ ᠦᠨᠳᠦᠰᠦᠨ ᠨᠤᠲᠤᠭ ᠪᠡᠯᠴᠢᠭᠡ ᠬᠠᠮᠠᠭᠠᠯᠠᠵᠤ᠂ ᠪᠦᠬᠦ ᠤᠯᠤᠰ ᠲᠤ ᠡᠩ ᠲᠡᠷᠢᠭᠦᠨ ᠳᠤ 8.8 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠡᠪᠡᠢ 4.05 ᠳ᠋ᠦᠩᠰᠢᠭᠤᠷ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠭᠰᠠᠨ ᠲᠠᠯᠠᠪᠠᠢ 6.15 ᠳ᠋ᠦᠩᠰᠢᠭᠤᠷ ᠮᠦ ᠪᠠᠶᠢᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ 164 ᠲᠦᠮᠡᠨ ᠮᠦ ᠬᠡᠷᠡᠭᠵᠢᠭᠦᠯᠵᠦ᠂ ᠬᠥᠮᠦᠨ ᠤ ᠬᠦᠴᠦ ᠪᠠᠷ ᠡᠪᠡᠰᠦ ᠲᠠᠷᠢᠭᠰᠠᠨ ᠲᠠᠯᠠᠪᠠᠶ 3 ᠵᠢᠯ ᠳᠠᠷᠠᠭᠠᠯᠠᠨ 3000 ᠲᠦᠮᠡᠨ ᠮᠥ ᠳᠠᠪᠠᠵᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 44% ᠳᠤ ᠬᠦᠷᠴᠦ᠂ 20 ᠵᠠᠭᠤᠨ ᠤ ᠳᠤᠮᠳᠠᠴᠢ ᠥᠶ᠎ᠡ ᠶᠢᠨ ᠬᠢᠷᠢ ᠲᠥᠪᠰᠢᠨ ᠳᠤ ᠬᠦᠷᠦᠭᠰᠡᠨ ᠪᠠᠶᠢᠨ᠎ᠠ᠃
ᠲᠥᠪ ᠤᠨ ᠲᠤᠰᠬᠠᠶ ᠪᠠᠯᠠ ᠮᠦᠩᠭᠦᠨ ᠤ ᠳᠡᠮᠵᠢᠯᠭᠡ ᠶᠢᠨ ᠳᠣᠣᠷ᠎ᠠ᠂ ᠥᠪᠥᠷ ᠮᠣᠩᠭᠤᠯ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠵᠦ ᠵᠠᠰᠠᠨ ᠰᠡᠷᠭᠦᠭᠡᠬᠦ ᠴᠢᠳᠠᠪᠤᠷᠢ ᠢᠯᠡᠳᠲᠡ ᠳᠡᠭᠡᠭᠰᠢᠯᠡᠵᠦ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ 2010 ᠣᠨ ᠳᠤ 37.08% ᠪᠠᠶᠢᠭᠰᠠᠨ ᠠᠴᠠ ᠪᠡᠨ 7 ᠵᠠᠭᠤᠨ ᠤ ᠴᠡᠭ ᠣᠷᠴᠢᠮ ᠳᠡᠭᠡᠭᠰᠢᠯᠡᠵᠦ ᠂ 2000 ᠣᠨ ᠳᠤ 30% ᠪᠠᠶᠢᠭᠰᠠᠨ ᠠᠴᠠ14 ᠵᠠᠭᠤᠨ ᠤ ᠴᠡᠭ ᠳᠡᠭᠡᠭᠰᠢᠯᠡᠪᠡ᠃
ᠥᠪᠥᠷ ᠮᠣᠩᠭᠤᠯ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠲᠠᠷᠢᠶᠠᠴᠢᠨ ᠮᠠᠯᠴᠢᠳ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠬᠠᠷᠢᠯᠴᠠᠨ ᠬᠤᠯᠪᠣᠭᠳᠠᠭᠤᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠵᠦᠢ ᠵᠣᠬᠢᠰᠲᠠᠶ ᠬᠤᠪᠢᠶᠠᠷᠢᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠦᠶᠡᠯᠡᠯ ᠤᠨ ᠬᠤᠭᠤᠴᠠᠭ᠎ᠠ ᠶᠢ 5 ᠵᠢᠯ ᠢᠶᠠᠷ ᠲᠣᠭᠲᠠᠭᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠶᠢ ᠴᠠᠭᠠᠵᠠᠯᠠᠵᠠᠢ᠃
ᠥᠪᠥᠷ ᠮᠣᠩᠭᠤᠯ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠢ ᠡᠪᠳᠡᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠵᠦᠢᠯᠡᠰ ᠢ ᠢᠯᠭᠠᠷᠠᠭᠤᠯᠤᠨ ᠴᠡᠭᠴᠡᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠦᠴᠦᠲᠡᠢ ᠠᠬᠢᠭᠤᠯᠪᠠ᠃
ᠣᠶᠢᠯᠠᠭᠠᠭᠰᠠᠨ ᠢᠶᠠᠷ᠂ ᠥᠪᠥᠷ ᠮᠣᠩᠭᠤᠯ 13•5 ᠶᠢᠨ ᠰᠡᠭᠦᠯᠴᠢ ᠪᠣᠯᠬᠤ ᠳᠤ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢ 46% ᠣᠷᠴᠢᠮ ᠲᠣᠭᠲᠠᠪᠤᠷᠢᠵᠢᠭᠤᠯᠬᠤ ᠪᠠᠷ ᠴᠢᠷᠮᠠᠶᠢᠵᠤ ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠪᠠᠷ ᠪᠠᠶᠢᠨ᠎ᠠ᠃