ᠵᠤᠬᠢᠶᠠᠭᠴᠢ:
ᠴᠠᠭ:2017-08-24
ᠥᠵᠡᠭᠰᠡᠨ : ℃
ᠢᠷᠡᠯᠲᠡ:
ᠦᠪᠡᠷᠲᠡᠭᠡᠨ ᠵᠠᠰᠠᠬᠤ ᠤᠷᠤᠨ ᠪᠡᠯᠡ ᠤᠷᠤᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠤ ᠬᠤᠷᠠᠯ ᠬᠤᠷᠠᠯᠳᠤᠭᠤᠯᠵᠤ ᠵᠠᠩ ᠵᠢᠶᠠᠨ ᠮᠢᠨ ᠬᠤᠷᠠᠯ ᠡᠷᠬᠢᠯᠡᠨ ᠶᠠᠷᠢᠶ᠎ᠠ ᠲᠠᠯᠪᠢᠪᠠ
2017ᠤᠨ ᠤ 8 ᠳ᠋ᠤᠭᠠᠷ ᠰᠠᠷ᠎ᠠ ᠶᠢᠨ23 ᠤ ᠡᠳᠦᠷ᠂ᠦᠪᠡᠷᠲᠡᠭᠡᠨ ᠵᠠᠰᠠᠬᠤ ᠤᠷᠤᠨ ᠤ ᠪᠡᠯᠡ ᠤᠷᠤᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠤ ᠬᠤᠷᠠᠯ ᠢᠬᠤᠷᠠᠯᠳᠤᠭᠤᠯᠵᠤ ᠂ ᠡᠨᠡ ᠵᠢᠯ ᠠᠴᠠ ᠨᠠᠰᠢᠬᠢᠲᠤᠬᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠪᠠᠶᠢᠳᠠᠯ ᠢ ᠮᠡᠳᠡᠭᠳᠡᠵᠦ ᠂ ᠤᠳᠤ ᠶᠢᠨ ᠪᠦᠬᠦ ᠤᠷᠤᠨ ᠤ ᠪᠡᠯᠡ ᠤᠷᠤᠭᠤᠯᠤᠯᠲᠠ ᠶᠢᠨᠪᠠᠶᠢᠳᠠᠯ ᠢ ᠵᠠᠳᠠᠯᠤᠨ ᠰᠤᠳᠤᠯᠵᠤ ᠂ ᠳᠠᠷᠠᠭᠠᠴᠢ ᠶᠢᠨ ᠱᠠᠳ᠋ᠦ ᠦᠶ᠎ᠠ ᠢᠢᠨ ᠭᠤᠤᠯᠳᠠᠯᠭ᠎ᠠ ᠲᠠᠢ ᠠᠵᠢᠯ ᠢᠶᠠᠨ ᠳᠤᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠳᠡᠳ᠋ᠲᠡᠷᠢᠭᠦᠯᠡᠭᠴᠢ ᠵᠠᠩ ᠵᠢᠶᠠᠨ ᠮᠢᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃
ᠵᠠᠩᠵᠢᠶᠠᠨ ᠮᠢᠨ ᠵᠢᠭᠠᠵᠤ ᠭᠠᠷᠭᠠᠭᠰᠠᠨ ᠨᠢ ᠂ ᠪᠡᠯᠡ ᠤᠷᠤᠭᠤᠯᠤᠯᠲᠠ ᠪᠤᠯ ᠠᠵᠤᠠᠬᠤᠢ ᠶᠢᠨ ᠨᠡᠮᠡᠭᠳᠡᠯ ᠢ ᠳᠤᠬᠲᠠᠪᠤᠷᠢᠵᠢᠭᠤᠯᠬᠤ ᠰᠠᠭᠤᠷᠢᠴᠢᠯᠠᠭᠤ ᠪᠤᠯᠤᠨ᠎ᠠ᠃ ᠡᠨᠡ ᠵᠢᠯ ᠠᠴᠠ ᠨᠠᠰᠢ ᠂ ᠪᠦᠬᠦ ᠤᠷᠤᠨ ᠤ ᠲᠤᠬᠲᠠᠮᠠᠯ ᠬᠦᠷᠦᠩᠬᠡ ᠶᠢᠨ ᠪᠡᠯᠡᠤᠷᠤᠭᠤᠯᠤᠯᠲᠠ ᠶᠡᠷᠦᠩᠬᠡᠢ ᠳᠡᠭᠡᠨ ᠲᠤᠬᠲᠠᠭᠤᠨ ᠪᠠᠶᠢᠵᠤ ᠂ ᠪᠡᠯᠡᠤᠷᠤᠭᠤᠯᠤᠯᠲᠠ ᠶᠢᠨ ᠪᠦᠬᠦ ᠬᠡᠮᠵᠢᠶ᠎ᠡ ᠨᠡᠮᠡᠭᠳᠡᠵᠦ ᠂ ᠪᠡᠯᠡᠤᠷᠤᠭᠤᠯᠤᠯᠲᠠ ᠶᠢᠨ ᠪᠦᠲᠦᠴᠡ ᠦᠷᠬᠦᠯᠵᠢᠯᠡᠨ ᠰᠠᠶᠢᠵᠢᠷᠠᠵᠤ ᠂ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠬᠰᠢᠲᠠᠢ ᠠᠬᠢᠭᠤᠯᠤᠬᠳᠠᠵᠤ ᠂ ᠪᠦᠬᠦ ᠤᠷᠤᠨ ᠤ ᠠᠵᠤ ᠠᠬᠤᠢ ᠶᠢᠨ ᠲᠤᠬᠳᠠᠭᠤᠨ ᠡᠷᠬᠢᠯᠳᠠ ᠳᠤᠬᠦᠴᠦᠲᠠᠢ ᠲᠤᠯᠭᠠᠭᠤᠷᠢ ᠬᠠᠩᠭᠠᠪᠠ᠃ ᠭᠡᠪᠡᠴᠤ 7 ᠳ᠋ᠤᠭᠠᠷ ᠰᠠᠷ᠎ᠠ ᠠᠴᠠ ᠨᠠᠰᠢ ᠲᠤᠬᠲᠠᠮᠠᠯ ᠬᠦᠷᠦᠩᠭᠡ ᠶᠢᠨᠪᠡᠯᠡ ᠤᠷᠤᠭᠤᠯᠤᠯᠲᠠ ᠪᠠᠭᠠᠰᠴᠤ ᠂ ᠨᠡᠮᠡᠭᠳᠡᠯ ᠤᠨ ᠬᠤᠷᠲᠤᠴᠠᠤᠳᠠᠭᠠᠰᠢᠷᠠᠵᠤ ᠂ ᠡᠯ᠎ᠡ ᠭᠠᠵᠠᠷ ᠤᠨ ᠡᠯᠡᠬᠤᠯᠪᠤᠬᠳᠠᠯ ᠪᠦᠬᠦᠢ ᠰᠠᠯᠠᠭ᠎ᠠ ᠮᠦᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ ᠭᠡᠵᠡᠢ᠃
ᠵᠠᠩᠵᠢᠶᠠᠨ ᠮᠢᠨ ᠱᠠᠭᠠᠷᠳᠠᠭᠰᠠᠨ ᠨᠢ ᠂ ᠪᠡᠯᠡ ᠤᠷᠤᠭᠤᠯᠤᠯᠲᠠ ᠶᠢ ᠢᠮᠠᠬᠲᠠᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠵᠤ᠂ ᠰᠢᠨ᠎ᠡ ᠬᠠᠭᠤᠴᠢᠨ ᠬᠦᠳᠡᠯᠭᠡᠬᠦᠬᠦᠴᠦᠨ ᠢ ᠤᠯᠠᠷᠢᠭᠤᠯᠵᠤ ᠂ ᠰᠠᠭᠤᠷᠢ ᠶᠢᠨ ᠲᠤᠲᠠᠭᠤᠳᠠᠯ ᠢ ᠨᠦᠬᠦᠪᠦᠷᠢᠯᠡᠬᠦ ᠴᠢᠬᠤᠯᠠ ᠠᠷᠭ᠎ᠠ ᠪᠠᠷᠢᠯᠪᠤᠯᠭᠠᠵᠤ ᠂ ᠪᠡᠯᠡ ᠤᠷᠤᠭᠤᠯᠤᠯᠲᠠ ᠪᠠᠷ ᠠᠵᠤ ᠠᠬᠤᠢ ᠨᠡᠶᠢᠭᠡᠮ ᠤᠨᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠳᠠᠶᠢᠴᠢᠯᠠᠬᠤ ᠭᠡᠷᠡᠭᠲᠡᠢ ᠃ ᠭᠤᠤᠯᠳᠠᠯᠭ᠎ᠠ ᠲᠠᠢ ᠭᠠᠵᠠᠷᠤᠷᠤᠨ᠂ ᠭᠤᠤᠯᠳᠠᠯᠭ᠎ᠠ ᠲᠠᠢ ᠠᠵᠢᠯ ᠲᠦᠷᠦᠯ ᠤᠨ ᠪᠡᠯᠡ ᠤᠷᠤᠭᠤᠯᠤᠯᠲᠠ ᠶᠢ ᠰᠠᠶᠢᠳᠤᠷ ᠠᠳᠬᠤᠵᠤ᠂ ᠪᠡᠯᠡᠤᠷᠤᠭᠤᠯᠵᠤ ᠪᠡᠯᠡ ᠮᠦᠩᠬᠦ ᠴᠤᠬᠯᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠤ᠂ ᠪᠠᠶᠢᠭᠤᠯᠵᠤ ᠪᠠᠶᠢᠭᠠᠭᠤᠤᠯᠳᠠᠯᠭᠠ ᠲᠠᠢ ᠲᠦᠷᠦᠯ ᠵᠦᠢᠯ ᠢ ᠲᠦᠷᠭᠡᠨ ᠠᠬᠢᠭᠤᠯᠵᠤ ᠂ ᠲᠤᠯᠤᠭᠠᠨᠲᠤᠤᠷ ᠢ ᠬᠠᠮᠲᠤᠪᠡᠷ ᠪᠠᠶᠢᠭᠤᠯᠬᠤ ᠂ ᠲᠤᠯᠤᠭᠠᠨ ᠦᠢᠯᠡᠰ ᠢ ᠬᠠᠮᠲᠤᠪᠡᠷᠮᠠᠨᠳᠤᠭᠤᠯᠬᠤ ᠶᠢᠨ ᠲᠤᠭᠤᠷᠢᠨ ᠳᠤ ᠨᠢᠭᠡ ᠪᠦᠯᠦᠭ ᠶᠡᠭᠡ ᠲᠦᠷᠦᠯ ᠵᠦᠢᠯ ᠂ ᠰᠠᠶᠢᠨ ᠲᠦᠷᠦᠯ ᠵᠦᠢᠯ ᠢ ᠠᠷᠭ᠎ᠠ ᠰᠦᠪᠡᠭᠴᠢᠯᠡᠨ ᠨᠦᠭᠡᠴᠡᠯᠡᠵᠦ ᠂ ᠪᠦᠬᠦ ᠤᠷᠤᠨ ᠤ ᠨᠠᠮᠤᠷ ᠤᠨ ᠤᠯᠠᠷᠢᠯ ᠤᠨ ᠴᠢᠬᠤᠯᠠ ᠶᠡᠭᠡᠲᠦᠷᠦᠯ ᠵᠦᠢᠯ ᠢ ᠲᠦᠪᠯᠡᠷᠡᠭᠦᠯᠦᠨ ᠡᠬᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠪᠡᠯᠡᠳᠬᠡᠬᠦ ᠬᠡᠷᠡᠭᠲᠡᠢᠭᠡᠪᠠ᠃
ᠵᠠᠩᠵᠢᠶᠠᠨ ᠮᠢᠨ ᠴᠢᠬᠤᠯᠠᠴᠢᠯᠠᠭᠰᠠᠨ ᠨᠢ ᠂ ᠪᠡᠯᠡ ᠤᠷᠤᠭᠤᠯᠤᠯᠲᠠ ᠶᠢᠨᠪᠠᠳ᠋ᠣᠯᠠᠭᠠ ᠶᠢ ᠤᠯᠠᠮ ᠨᠢᠭᠡ ᠠᠯᠬᠣᠮ ᠴᠢᠩᠳ᠋ᠠᠯᠠᠨ᠂ ᠠᠷᠠᠯᠵᠢᠶᠠᠴᠢᠨ ᠤᠷᠢᠵᠤ ᠪᠡᠯᠡᠤᠷᠤᠭᠤᠯᠬᠤ ᠪᠤᠲᠠᠲᠠᠢ ᠦᠷ᠎ᠠ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠤᠷᠤᠭᠤᠯᠤᠯᠲᠠ ᠶᠢᠨ ᠪᠤᠭᠤᠮᠢ ᠶᠢᠪᠦᠲᠦᠮᠵᠢᠲᠠᠢ ᠪᠠᠷ ᠠᠷᠢᠯᠭᠠᠨ ᠂ ᠪᠡᠯᠡ ᠤᠷᠤᠭᠤᠯᠤᠯᠲᠠ ᠶᠢᠨ ᠤᠷᠴᠢᠨ ᠲᠤᠭᠤᠷᠢᠨ ᠤ ᠪᠦᠬᠦᠯᠢ ᠴᠤᠬᠴᠠ ᠶᠢᠨᠦᠷᠢᠰᠦᠯᠳᠦᠬᠦ ᠴᠢᠳ᠋ᠠᠯ ᠢ ᠲᠠᠰᠤᠷᠠᠯᠲᠠ ᠦᠭᠡᠢ ᠨᠡᠮᠡᠭᠳᠡᠭᠦᠯᠵᠦ ᠂ ᠪᠦᠬᠦᠤᠷᠤᠨ ᠤ ᠪᠡᠯᠡ ᠤᠷᠤᠭᠤᠯᠤᠯᠲᠠ ᠪᠠ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨᠳᠠᠬᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠠ᠃
ᠡᠯᠡᠠᠶᠢᠮᠠᠬ ᠬᠤᠲᠠ ᠪᠠ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨᠬᠠᠷᠢᠭᠤᠴᠠᠯᠭᠠᠲᠠᠳ ᠬᠤᠷᠠᠯ ᠳᠤ ᠤᠷᠤᠯᠴᠠᠵᠠᠢ᠃