ᠵᠤᠬᠢᠶᠠᠭᠴᠢ: ᠴᠠᠭ:2017-07-13 ᠥᠵᠡᠭᠰᠡᠨ : ᠢᠷᠡᠯᠲᠡ:
  ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠪᠠᠶᠢᠩᠭᠤ ᠶᠢᠨ ᠳᠡᠳ᠋ ᠡᠷᠬᠢᠯᠡᠭᠴᠢ ᠴᠠᠭᠠᠨᠯᠠᠩᠲᠤ ᠪᠠᠶᠢᠩᠭᠤ ᠶᠢᠨ ᠬᠡᠷᠡᠭ ᠡᠷᠬᠢᠯᠡᠭᠴᠢ ᠪᠡᠷ ᠰᠣᠩᠭᠣᠭᠳᠠᠪᠠ

2017 ᠣᠨ ᠤ 7 ᠳ᠋ᠤᠭᠠᠷ ᠰᠠᠷ᠎ᠠ ᠶᠢᠨ 9  ᠦ ᠡᠳᠦᠷ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠬᠤ ᠬᠤᠷᠠᠯ ᠯᠢᠶᠣᠤᠨᠢᠩ ᠮᠤᠵᠢ ᠶᠢᠨ ᠳ᠋ᠠᠨᠳᠦ᠋ᠩ ᠬᠣᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠨᠠᠷᠢᠨ ᠪᠢᠴᠢᠭ ᠦᠨ ᠳᠠᠷᠤᠭ᠎ᠠ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ  ᠤᠨ ᠨᠠᠮ ᠤᠨ ᠵᠢᠯᠣᠭᠣᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠢ ᠰᠢᠶᠠᠩ ᠳ᠋ᠧ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ  ᠤᠨ  ᠳᠡᠳ᠋ ᠡᠷᠬᠢᠯᠡᠭᠴᠢ ᠂ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ  ᠦᠨ ᠳᠡᠳ᠋ ᠳᠠᠷᠤᠭ᠎ᠠ ᠯᠢᠦ ᠢᠦᠢ ᠬᠤᠩ᠂ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠢᠦᠢ ᠸᠧᠢ ᠫᠢᠩ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ  ᠤᠨ ᠣᠣᠯ  ᠤᠨ ᠱᠦᠵᠢ ᠲᠢᠶᠠᠨ ᠵᠢᠶᠠ ᠬᠤᠷᠠᠯ ᠳᠤ ᠤᠷᠤᠯᠴᠠᠪᠠ᠃ ᠯᠢᠶᠣᠤᠨᠢᠩ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠶᠠᠨ ᠭᠠᠩ ᠴᠧᠩ ᠂ ᠬᠤᠨᠠᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ  ᠨᠠᠶᠢᠷᠠᠭᠤᠯᠬᠤ ᠵᠥᠪᠯᠡᠯ ᠤᠨ ᠨᠠᠮ ᠤᠨ ᠵᠢᠯᠣᠭᠣᠳᠬᠤ ᠳᠤᠭᠤᠶᠢᠯᠠᠩ ᠤᠨ ᠱᠦᠵᠢ ᠶᠢ ᠵᠢᠶᠧ ᠨᠠᠨ᠂ ᠱᠠᠨᠰᠢ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠵᠠᠩ ᡁᠢ ᠷᠧᠨ ᠨᠠᠷ ᠬᠤᠷᠠᠯ  ᠢ ᠡᠷᠬᠢᠯᠡᠪᠡ᠃

ᠵᠢᠢ ᠰᠢᠶᠠᠩ ᠳ᠋ᠧ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠭᠰᠠᠨ ᠣᠷᠴᠢᠨ ᠠᠬᠤᠢ ᠪᠠ ᠠᠴᠢ ᠬᠣᠯᠪᠣᠭᠳᠠᠯ ᠢ ᠲᠠᠨᠢᠯᠴᠠᠭᠤᠯᠤᠨ᠂ ᠭᠤᠷᠪᠠᠨ ᠲᠠᠯ᠎ᠠ ᠶᠢᠨ ᠰᠠᠨᠠᠯ ᠳᠤᠷᠠᠳᠴᠤ᠂ ᠰᠤᠳᠤᠯᠭᠠᠨ ᠤ ᠨᠡᠶᠢᠭᠡᠮᠯᠢᠭ  ᠤᠨ ᠬᠥᠭᠵᠢᠯᠲᠡ ᠶᠢᠨ ᠴᠢᠭᠯᠡᠯ ᠢ ᠵᠢᠭᠠᠨ ᠭᠠᠷᠭᠠᠪᠠ᠃ ᠵᠢᠢ ᠰᠢᠶᠠᠩ ᠳ᠋ᠧ ᠴᠢᠬᠤᠯᠠᠴᠢᠯᠠᠬᠤ  ᠳᠠᠭᠠᠨ᠂ ᠪᠠᠶᠢᠳᠠᠯ ᠢ ᠲᠣᠳᠣᠷᠬᠠᠢ ᠲᠠᠨᠢᠨ᠂ ᠴᠠᠭ ᠲᠤᠬᠢᠶᠠᠯ  ᠢ ᠵᠠᠪᠳᠤᠨ ᠂ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ  ᠤᠨ ᠪᠠᠶᠢᠭᠤᠯᠤᠭᠳᠠᠬᠤ ᠳᠠᠰᠢᠷᠠᠮ ᠢᠶᠠᠷ ᠂ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ 《ᠬᠡᠯᠪᠡᠷᠢ ᠪᠡᠨ ᠬᠤᠪᠢᠷᠠᠭᠤᠯᠵᠤ᠂ ᠳᠠᠰ ᠳᠡᠪᠰᠢᠬᠦ》  ᠶᠢ ᠲᠦᠯᠬᠢᠨ ᠠᠬᠢᠭᠤᠯᠵᠤ᠂ ᠴᠢᠩᠭ᠎ᠠ ᠱᠠᠭᠠᠷᠳᠠᠨ᠂ ᠴᠢᠨᠠᠷ ᠴᠢᠨᠰᠠᠭ᠎ᠠ ᠶᠢ ᠴᠢᠬᠤᠯᠠᠴᠢᠯᠠᠨ᠂ ᠣᠷᠣᠨ ᠨᠤᠲᠤᠭ ᠤᠨ ᠣᠶᠢᠯᠠᠯᠭ᠎ᠠ ᠶᠢᠨ ᠣᠨᠣᠯ ᠤᠨ ᠰᠤᠳᠤᠯᠭᠠᠨ ᠢ ᠢᠳᠡᠪᠬᠢᠲᠠᠢ ᠦᠷᠨᠢᠭᠦᠯᠦᠨ᠂ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃

ᠯᠢᠦ ᠢᠦᠢ ᠬᠤᠩ 《ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠪᠠᠶᠢᠭᠤᠯᠬᠤ ᠶᠢ ᠵᠥᠪᠰᠢᠶᠡᠷᠡᠭᠰᠡᠨ ᠴᠤᠬᠤᠪᠤᠷᠢᠯᠠᠭᠰᠠᠨ ᠬᠠᠷᠢᠭᠤᠯᠲᠠ》  ᠶᠢ ᠣᠩᠰᠢᠨ ᠨᠡᠶᠢᠲᠡᠯᠡᠪᠡ᠃ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ ᠯᠢ ᠵᠢᠶᠠᠩ ᠰᠤᠳᠤᠯᠭᠠᠨ ᠤ ᠨᠡᠶᠢᠭᠡᠮᠯᠢᠭ  ᠤᠨ ᠪᠡᠯᠡᠳᠭᠡᠯ ᠠᠵᠢᠯ ᠤᠨ ᠲᠤᠬᠠᠢ ᠮᠡᠳᠡᠭᠦᠯᠦᠯᠲᠡ ᠬᠢᠪᠡ᠃ ᠬᠤᠷᠠᠯ ᠳᠤ 《ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠭᠡᠰᠢᠭᠦᠨ ᠦ ᠳᠠᠩᠰᠠᠯᠠᠬᠣ ᠠᠷᠭ᠎ᠠ (ᠲᠦᠰᠦᠯ)》  ᠶᠢ ᠬᠢᠨᠠᠨ ᠵᠥᠪᠯᠡᠵᠦ᠂ 《ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠡᠶᠢᠭᠡᠮᠯᠢᠭ ᠦᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠳᠦᠷᠢᠮ (ᠲᠦᠰᠦᠯ)》 《ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠦᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠡᠷᠬᠢᠯᠡᠭᠴᠢ᠂ ᠨᠡᠶᠢᠭᠡᠮᠯᠢᠭ ᠦᠨ ᠳᠠᠷᠤᠭ᠎ᠠ᠂ ᠨᠡᠶᠢᠭᠡᠮᠯᠢᠭ ᠦᠨ ᠳᠡᠳ᠋ ᠳᠠᠷᠤᠭ᠎ᠠ᠂  ᠨᠠᠷᠢᠨ ᠪᠢᠴᠢᠭ ᠦᠨ ᠳᠠᠷᠤᠭ᠎ᠠ᠂ ᠨᠠᠷᠢᠨ ᠪᠢᠴᠢᠭ ᠦᠨ ᠳᠡᠳ᠋ ᠳᠠᠷᠤᠭ᠎ᠠ  ᠶᠢ ᠪᠣᠢ ᠪᠣᠯᠭᠠᠬᠤ ᠠᠷᠭ᠎ᠠ (ᠲᠦᠰᠦᠯ)》  ᠶᠢ ᠪᠠᠲᠤᠯᠠᠪᠠ᠃ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠦᠨ ᠬᠤᠷᠠᠯ ᠢ ᠶᠠᠪᠤᠭᠳᠠᠭᠤᠯᠵᠤ᠂ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠦᠨ ᠪᠠᠶᠢᠩᠭᠤ ᠶᠢᠨ ᠡᠷᠬᠢᠯᠡᠭᠴᠢ ᠶᠢ ᠰᠣᠩᠭᠣᠨ ᠭᠠᠷᠭᠠᠪᠠ᠃ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠣᠳᠠᠭᠠᠨ ᠤ ᠪᠠᠶᠢᠩᠭᠤ ᠶᠢᠨ ᠡᠷᠬᠢᠯᠡᠭᠴᠢ ᠶᠢᠨ ᠬᠤᠷᠠᠯ ᠢᠶᠠᠷ ᠳᠠᠮᠵᠢᠨ᠂ ᠢᠦᠢ ᠸᠧᠢ ᠫᠢᠩ ᠶᠢ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠦᠨ ᠬᠤᠷᠠᠯ ᠤᠨ ᠳᠠᠷᠤᠭ᠎ᠠ ᠪᠠᠷ ᠰᠣᠩᠭᠣᠪᠠ᠃ ᠬᠡᠰᠡᠭ ᠮᠤᠵᠢ (ᠥᠪᠡᠷᠲᠡᠭᠡᠨ ᠵᠠᠰᠠᠬᠤ ᠣᠷᠣᠨ)  ᠶᠢᠨ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠤᠳᠤᠯᠤᠭᠴᠢ᠂ ᠳᠡᠭᠡᠳᠦ ᠰᠤᠷᠭᠠᠭᠤᠯᠢ ᠶᠢᠨ ᠫᠷᠣᠹᠧᠰᠰᠣᠷ ᠵᠡᠷᠭᠡ 12 ᠬᠦᠮᠦᠨ ᠨᠡᠶᠢᠭᠡᠮᠯᠢᠭ ᠦᠨ ᠳᠡᠳ᠋ ᠳᠠᠷᠤᠭ᠎ᠠ ᠪᠠᠷ ᠰᠣᠩᠭᠣᠭᠳᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ ᠯᠢ ᠵᠢᠶᠠᠩ ᠢ ᠰᠤᠳᠤᠯᠭᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠦᠨ ᠬᠤᠷᠠᠯ ᠤᠨ ᠨᠠᠷᠢᠨ ᠪᠢᠴᠢᠭ ᠦᠨ ᠳᠠᠷᠤᠭ᠎ᠠ ᠪᠠᠷ ᠪᠠᠲᠤᠯᠠᠵᠤ᠂ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠶᠢᠨ ᠳᠠᠷᠤᠭ᠎ᠠ ᠶᠢᠨ ᠲᠤᠰᠠᠯᠠᠭᠴᠢ᠂ ᠶᠡᠷᠦᠩᠬᠡᠢ ᠨᠠᠶᠢᠷᠠᠭᠤᠯᠬᠤ ᠲᠠᠰᠤᠭ ᠤᠨ ᠳᠠᠷᠤᠭ᠎ᠠ ᠵᠠᠩ ᠵᠢᠨ  ᠢ ᠳᠡᠳ᠋ ᠨᠠᠷᠢᠨ ᠪᠢᠴᠢᠭ ᠦᠨ ᠳᠠᠷᠤᠭ᠎ᠠ ᠪᠠᠷ ᠪᠠᠲᠤᠯᠠᠪᠠ᠃ ᠬᠤᠷᠠᠯ ᠡᠴᠡ ᠲᠡᠳᠡᠨᠦᠰ ᠲᠦ ᠦᠨᠡᠮᠯᠡᠯ ᠦᠨ ᠪᠢᠴᠢᠭ ᠣᠯᠭᠣᠪᠠ᠃

ᠥᠪᠥᠷ ᠮᠣᠩᠭᠣᠯ  ᠤᠨ ᠥᠪᠡᠷᠲᠡᠭᠡᠨ ᠵᠠᠰᠠᠬᠤ  ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠪᠠᠶᠢᠩᠭᠤ ᠶᠢᠨ ᠳᠡᠳ᠋ ᠡᠷᠬᠢᠯᠡᠭᠴᠢ ᠴᠠᠭᠠᠨᠯᠠᠩᠲᠤ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠪᠡᠷ ᠰᠣᠩᠭᠣᠭᠳᠠᠪᠠ

ᠥᠪᠥᠷ ᠮᠣᠩᠭᠣᠯ  ᠤᠨ ᠥᠪᠡᠷᠲᠡᠭᠡᠨ ᠵᠠᠰᠠᠬᠤ  ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠪᠠᠶᠢᠩᠭᠤ ᠶᠢᠨ ᠳᠡᠳ᠋ ᠡᠷᠬᠢᠯᠡᠭᠴᠢ ᠴᠠᠭᠠᠨᠯᠠᠩᠲᠤ ᠨᠠᠶᠢᠷᠠᠭᠤᠯᠵᠤ ᠬᠡᠪᠯᠡᠬᠦ ᠰᠤᠳᠤᠯᠭᠠᠨ ᠤ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠪᠡᠷ ᠰᠣᠩᠭᠣᠭᠳᠠᠵᠣ᠂ ᠮᠸᠩ ᠭᠥᠸᠧ ᠷᠦᠩ ᠬᠡᠷᠡᠭ  ᠡᠷᠬᠢᠯᠡᠭᠴᠢ ᠪᠡᠷ ᠰᠣᠩᠭᠣᠭᠳᠠᠪᠠ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ᠂ ᠬᠠᠮᠢᠶ᠎ᠠ ᠪᠦᠬᠦᠢ ᠮᠤᠵᠢ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠠᠩ ᠂ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠶᠢᠨ ᠬᠠᠮᠢᠶ᠎ᠠ ᠪᠦᠬᠦᠢ ᠬᠥᠮᠥᠰ᠂ ᠰᠤᠷᠭᠠᠨ ᠬᠦᠮᠦᠵᠢᠯ ᠦᠨ ᠶᠠᠮᠤᠨ ᠤ ᠦᠭᠡ ᠬᠡᠯᠡ ᠦᠰᠦᠭ ᠪᠢᠴᠢᠭ ᠦᠨ ᠬᠡᠷᠡᠭᠯᠡᠭᠡᠨ ᠦ ᠰᠤᠳᠤᠯᠬᠤ ᠭᠠᠵᠠᠷ᠂ ᠳᠤᠮᠳᠠᠳᠤ ᠣᠯᠣᠰ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠬᠡᠯᠡ ᠰᠤᠳᠤᠯᠬᠤ ᠭᠠᠵᠠᠷ ᠤᠨ ᠰᠤᠳᠤᠯᠤᠭᠴᠢ ᠵᠢᠴᠢ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ᠂ ᠪᠡᠭᠡᠵᠢᠩ ᠦᠨ ᠬᠡᠪᠯᠡᠯ  ᠦᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠵᠡᠷᠭᠡ ᠨᠡᠶᠢᠲᠡ 72 ᠬᠦᠮᠦᠨ ᠬᠤᠷᠠᠯ ᠳᠤ ᠣᠷᠣᠯᠴᠠᠪᠠ᠃


   :                    
   :           
备案序号:蒙ICP备05003250号 公安备案15010502000173