ᠵᠤᠬᠢᠶᠠᠭᠴᠢ:
ᠴᠠᠭ:2017-03-19
ᠥᠵᠡᠭᠰᠡᠨ : ℃
ᠢᠷᠡᠯᠲᠡ:
2017 ᠤᠨ ᠤ 12 ᠳ᠋ᠤᠭᠠᠷ ᠰᠠᠷ᠎ᠠ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 12.7% ᠨᠡᠮᠡᠭᠳᠡᠪᠡ
2017 ᠤᠨ ᠤ1 2 ᠳ᠋ᠤᠭᠠᠷ ᠰᠠᠷ᠎ᠠ ᠳᠤ᠂ ᠪᠦᠬᠦ ᠣᠷᠣᠨ ᠤ ᠠᠵᠤ ᠦᠢᠯᠡᠳᠪᠦᠷᠢ ᠶᠢᠨᠦᠢᠯᠡᠳᠬᠦᠨ ᠤ ᠦᠷᠳᠡᠭ 12.7% ᠨᠡᠮᠡᠭᠳᠡᠨ᠂ 2012 ᠣᠨ ᠠᠴᠠ ᠨᠠᠰᠢᠬᠢ ᠨᠡᠮᠡᠭᠳᠡᠯ ᠤᠨ ᠬᠤᠷᠳᠤᠴᠠ ᠶᠢᠨᠰᠢᠨ᠎ᠡ ᠲᠡᠮᠳᠡᠭᠯᠡᠯ ᠢ ᠡᠭᠦᠳᠴᠦ᠂ ᠠᠵᠤ ᠦᠢᠯᠡᠳᠪᠦᠷᠢ ᠶᠢᠨ ᠭᠤᠣᠯ ᠭᠦᠢᠴᠡᠳᠬᠡᠬᠦ ᠲᠤᠭ᠎ᠠ ᠪᠦᠬᠦᠲᠠᠯᠠ ᠪᠠᠷ ᠰᠠᠶᠢᠵᠢᠷᠠᠪᠠ᠃
ᠭᠤᠣᠯ ᠪᠣᠯᠬᠤ ᠦᠢᠯᠡᠳᠬᠦᠨ ᠤ ᠦᠨ᠎ᠡ ᠬᠠᠩᠰᠢ ᠨᠢ ᠥᠰᠪᠡ
2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠢᠨᠠᠨ ᠬᠡᠮᠵᠢᠭᠰᠡᠨ 30 ᠵᠦᠢᠯ ᠤᠨ ᠭᠤᠣᠯ ᠪᠣᠯᠬᠤ ᠠᠵᠤᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ ᠦᠨ᠎ᠡ ᠬᠠᠩᠰᠢ ᠨᠢ ᠠᠳᠠᠯᠢ ᠬᠤᠭᠤᠴᠠᠭᠠᠨ ᠤ ᠬᠢ ᠠᠴᠠᠦᠰᠦᠭᠰᠡᠨ ᠨᠢ 27 ᠵᠦᠢᠯ᠂ ᠬᠤᠪᠢᠷᠠᠯᠲᠠ ᠭᠠᠷᠤᠭᠰᠠᠨ ᠦᠭᠡᠶ ᠨᠢ 3 ᠵᠦᠢᠯ᠂ ᠭᠠᠷᠬᠠᠨ ᠬᠠᠷᠢᠴᠠᠯ ᠢᠶᠠᠷᠦᠰᠦᠭᠰᠡᠨ ᠨᠢ12 ᠵᠦᠢᠯ᠂ ᠬᠤᠪᠢᠷᠠᠯᠲᠠ ᠭᠠᠷᠤᠭᠰᠠᠨ ᠦᠭᠡᠢ ᠨᠢ 13 ᠵᠦᠢᠯ᠂ ᠪᠠᠭᠤᠷᠠᠭᠰᠠᠨ ᠨᠢ5 ᠵᠦᠢᠯ ᠪᠠᠶᠢᠨ᠎ᠠ᠃ ᠡᠭᠦᠨ ᠳᠤ᠄ ᠪᠠᠷᠠᠭᠤᠨ ᠬᠡᠰᠡᠭ ᠭᠠᠵᠠᠷ ᠣᠷᠣᠨ ᠤ ᠢᠯᠴᠢ ᠶᠢᠨ ᠬᠡᠮᠵᠢᠭᠳᠡᠯ ᠶᠡᠬᠡᠲᠡᠶ ᠬᠥᠳᠡᠯᠭᠡᠭᠴᠢᠬᠦᠴᠦᠨ ᠤ ᠨᠡᠭᠦᠷᠡᠰᠦᠨ ᠤ ᠦᠨ᠎ᠡ ᠨᠢ 360 ᠲᠥᠭᠦᠷᠢᠭ /ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ164.2% ᠦᠰᠴᠦ᠂ ᠬᠡᠦᠷᠰᠢᠮᠡᠯ ᠨᠡᠭᠦᠷᠡᠰᠦ1500 ᠲᠥᠭᠦᠷᠢᠭ /ᠲᠣᠨ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ233.3% ᠦᠰᠴᠦ ᠂ ᠱᠤᠷᠠᠭ ᠤᠨ ᠠᠷ ᠲᠠᠢ ᠪᠤᠯᠤᠳ 3300 ᠲᠥᠭᠦᠷᠢᠭ / ᠲᠣᠨ ᠪᠠᠶᠢᠵᠤ᠂ ᠠᠳᠠᠯᠢᠬᠤᠭᠤᠴᠠᠭᠠᠨ ᠤ ᠬᠢ ᠠᠴᠠ 79.3% ᠦᠰᠴᠦ᠂ ᠴᠠᠬᠢᠯᠭᠠᠨ ᠢᠶᠠᠷ ᠵᠠᠳᠠᠯᠬᠤ ᠬᠥᠩᠭᠡᠨᠴᠠᠭᠠᠨ 14 110 ᠲᠥᠭᠦᠷᠢᠭ / ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 30.3% ᠥᠰᠪᠡ᠃ ᠦᠨ᠎ᠡ ᠬᠠᠩᠰᠢ ᠨᠢᠳᠡᠭᠡᠷᠡ ᠰᠠᠷ᠎ᠠ ᠶᠢᠨ ᠬᠢ ᠠᠴᠠ ᠪᠠᠭᠤᠷᠠᠭᠰᠠᠨ ᠨᠢ 5 ᠵᠦᠢᠯ ᠤᠨ ᠦᠢᠯᠡᠳᠬᠦᠨ ᠪᠠᠶᠢᠪᠠᠴᠤ᠂ ᠮᠥᠨ ᠬᠦᠥᠨᠳᠥᠷ ᠪᠠᠶᠢᠷᠢᠨ ᠳᠤ ᠪᠤᠢ᠃
ᠠᠵᠤ ᠦᠶᠯᠡᠳᠪᠦᠷᠢ ᠳᠤ ᠬᠡᠷᠡᠭᠯᠡᠬᠦ ᠴᠠᠬᠢᠯᠭᠠᠨ ᠤ ᠬᠡᠮᠵᠢᠶᠡᠶᠡᠭᠡ ᠪᠠᠷ ᠨᠡᠮᠡᠭᠳᠡᠪᠡ
12ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠶᠯᠡᠳᠪᠦᠷᠢ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ ᠨᠢ385.8 ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠨ᠂ 2012 ᠣᠨ ᠠᠴᠠ ᠨᠠᠰᠢᠬᠢᠰᠢᠨᠡ ᠲᠡᠮᠳᠡᠭᠯᠡᠯ ᠢ ᠡᠭᠦᠳᠴᠦ᠂ ᠪᠦᠬᠦ ᠤᠯᠤᠰ ᠤᠨ 7 ᠳ᠋ᠤᠭᠠᠷ ᠪᠠᠶᠢᠷᠢᠨ ᠳᠤ ᠣᠷᠣᠪᠠ᠃ ᠥᠪᠡᠷᠲᠡᠭᠡᠨ ᠵᠠᠰᠠᠬᠤᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠭᠠᠵᠤᠭᠠᠷᠭᠠᠭᠰᠠᠨ ᠨᠢ᠂ ᠴᠠᠬᠢᠯᠭᠠᠨ ᠬᠡᠷᠡᠭᠯᠡᠬᠦ ᠬᠡᠮᠵᠢᠶ᠎ᠡ ᠨᠡᠮᠡᠭᠳᠡᠭᠰᠡᠨ ᠭᠤᠣᠯ ᠰᠢᠯᠲᠠᠭᠠᠨ ᠪᠣᠯ ᠲᠡᠮᠦᠷᠯᠢᠭᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠦᠢᠯᠡᠳᠬᠦ ᠦᠢᠯᠡᠰ᠂ ᠡᠨᠧᠷᠭᠢ ᠬᠤᠷᠠᠭᠰᠠᠨᠬᠡᠯᠪᠡᠷᠢ ᠶᠢᠨ ᠠᠵᠢᠯ ᠲᠥᠷᠥᠯ ᠤᠨ ᠭᠠᠷᠤᠯᠲᠠ ᠨᠡᠯᠢᠶᠡᠳ ᠲᠦᠷᠭᠡᠨ ᠨᠡᠮᠡᠭᠳᠡᠵᠦ᠂ ᠴᠠᠬᠢᠯᠭᠠᠨ ᠤ ᠦᠨ᠎ᠡ ᠬᠠᠩᠰᠢ ᠶᠢᠨᠵᠠᠬᠠ ᠳᠡᠯᠭᠡᠭᠦᠷᠴᠢᠯᠡᠬᠦ ᠥᠭᠡᠷᠡᠴᠢᠯᠡᠯᠲᠡ ᠠᠴᠠ ᠪᠣᠯᠣᠭᠰᠠᠨ ᠴᠠᠬᠢᠯᠭᠠᠨ ᠤ ᠬᠢᠮᠳᠠ ᠦᠨ᠎ᠡ ᠬᠠᠩᠰᠢ ᠨᠢ ᠰᠢᠶᠳᠪᠦᠷᠢᠯᠡᠭᠴᠢᠴᠢᠨᠠᠷᠲᠠᠶ ᠦᠢᠯᠡᠳᠦᠯ ᠦᠵᠡᠭᠦᠯᠦᠭᠰᠡᠨ ᠪᠠᠶᠢᠨ᠎ᠠ᠃ ᠡᠭᠦᠨ ᠳᠤ᠄ ᠨᠡᠭᠦᠷᠡᠰᠦ ᠮᠠᠯᠲᠠᠬᠤ ᠦᠢᠯᠡᠰ ᠤᠨ ᠠᠵᠤ ᠦᠶᠯᠡᠳᠪᠦᠷᠢ ᠳᠤᠬᠡᠷᠡᠭᠯᠡᠬᠦ ᠴᠠᠬᠢᠯᠭᠠᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ12.2%ᠨᠡᠮᠡᠭᠳᠡᠨ᠂ ᠬᠥᠩᠭᠡᠨ ᠴᠠᠭᠠᠨᠪᠣᠯᠪᠠᠰᠤᠷᠠᠭᠤᠯᠬᠤ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ15.8% ᠨᠡᠮᠡᠭᠳᠡᠵᠦ᠂ ᠲᠡᠮᠦᠷ ᠤᠨ ᠬᠠᠶᠢᠯᠤᠰᠢᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠬᠢ ᠠᠳᠠᠯᠢ ᠬᠤᠭᠤᠴᠠᠭᠠᠨ ᠤ ᠬᠢ ᠠᠴᠠ65.1% ᠨᠡᠮᠡᠭᠳᠡᠵᠦ᠂ ᠴᠢᠯᠠᠭᠤᠨᠲᠤᠰᠤ ᠪᠣᠯᠪᠠᠰᠤᠷᠠᠭᠤᠯᠬᠤ᠂ ᠨᠡᠭᠦᠷᠡᠰᠦ ᠬᠡᠦᠷᠰᠢᠭᠦᠯᠬᠦ ᠵᠢᠴᠢ ᠴᠥᠮ᠎ᠡ ᠶᠢᠨ ᠲᠦᠯᠡᠰᠢ ᠪᠣᠯᠪᠠᠰᠤᠷᠠᠭᠤᠯᠬᠤ ᠠᠵᠤᠦᠢᠯᠡᠳᠪᠦᠷᠢ ᠶᠢᠨ ᠬᠢ ᠠᠳᠠᠯᠢ ᠬᠤᠭᠤᠴᠠᠭᠠᠨ ᠤ ᠬᠢ ᠠᠴᠠ 67% ᠨᠡᠮᠡᠭᠳᠡᠵᠦ᠂ ᠬᠢᠮᠢ ᠶᠢᠨ ᠰᠢᠷᠬᠡᠭ ᠤᠨ ᠠᠵᠤᠦᠢᠯᠡᠳᠪᠦᠷᠢ ᠶᠢᠨ ᠬᠢ ᠠᠳᠠᠯᠢ ᠬᠤᠭᠤᠴᠠᠭᠠᠨ ᠤ ᠬᠢ ᠠᠴᠠ43%ᠨᠡᠮᠡᠭᠳᠡᠵᠦ᠂ ᠺᠣᠮᠫᠢᠦ᠋ᠲ᠋ᠧᠷ ᠤᠨ ᠦᠶᠯᠡᠴᠢᠯᠡᠭᠡᠪᠣᠯᠣᠨ ᠵᠥᠭᠡᠯᠡᠨ ᠲᠤᠨᠤᠭ ᠤᠨ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ 79.3% ᠨᠡᠮᠡᠭᠳᠡᠨ᠂ᠴᠠᠬᠢᠯᠭᠠᠨᠵᠢᠭᠰᠠᠨ ᠲᠡᠮᠣᠷ ᠵᠠᠮ ᠤᠨ ᠬᠢ ᠠᠳᠠᠯᠢ ᠬᠤᠭᠤᠴᠠᠭᠠᠨ ᠤ ᠬᠢ ᠠᠴᠠ 42.1% ᠨᠡᠮᠡᠭᠳᠡᠪᠡ᠃
ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠡᠯᠢᠶᠡᠳ ᠶᠡᠭᠡ ᠨᠡᠮᠡᠭᠳᠡᠪᠡ
1ᠳ᠋ᠦ᠋ᠭᠡᠷ ᠰᠠᠷ᠎ᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ 6182.9 ᠲᠦᠮᠡᠨ ᠲᠣᠨ ᠳᠤ ᠬᠦᠷᠴᠦ᠂ᠠᠳᠠᠯᠢᠬᠤᠭᠤᠴᠠᠭᠠᠨ ᠤ ᠬᠢ ᠠᠴᠠ 4.3% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ11.6 ᠵᠠᠭᠤᠨ ᠤᠴᠡᠭ ᠲᠥᠷᠭᠡᠳᠪᠡ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ 9404 ᠲᠦᠮᠡᠨ ᠲᠣᠨ ᠳᠤ ᠬᠦᠷᠴᠦ᠂ ᠠᠳᠠᠯᠢᠬᠤᠭᠤᠴᠠᠭᠠᠨ ᠤ ᠠᠴᠠ 9.3% ᠨᠡᠮᠡᠭᠳᠡᠪᠡ᠃
ᠢᠷᠡᠯᠲᠡ᠄ ᠦᠪᠥᠷ ᠮᠣᠩᠭᠣᠯ ᠦᠨ ᠵᠠᠰᠠᠭ ᠦᠨ ᠤᠷᠳ᠋ᠣᠨ ᠤ ᠰᠦᠯᠵᠢᠶ᠎ᠠ