ᠵᠤᠬᠢᠶᠠᠭᠴᠢ:
ᠴᠠᠭ:2020-09-18
ᠥᠵᠡᠭᠰᠡᠨ : ℃
ᠢᠷᠡᠯᠲᠡ:
ᠮᠠᠨ ᠤ ᠣᠷᠣᠨ ᠵᠠᠰᠠᠭ ᠤᠨ ᠣᠷᠳᠣᠨ ᠤ ᠳᠣᠯᠣᠳᠤᠭᠠᠷ ᠪᠦᠯᠦᠭ ᠵᠢᠭᠡᠯᠡᠯᠭᠡ ᠶᠢᠨ ᠲᠡᠮᠳᠡᠭᠲᠦ ᠶᠢ 173 ᠳ᠋ᠦᠩᠰᠢᠭᠤᠷ ᠲᠦᠬᠦᠷᠢᠭ ᠠᠮᠵᠢᠯᠲᠠ ᠲᠠᠢ ᠲᠠᠷᠬᠠᠭᠠᠪᠠ
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ ᠮᠠᠨ ᠤ ᠣᠷᠣᠨ ᠣᠶᠢᠷ᠎ᠠ ᠳᠤ ᠡᠳ᠋ ᠤᠨ ᠵᠠᠰᠠᠭ ᠤᠨ ᠶᠠᠮᠤᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠰᠢᠰᠲ᠋ᠧᠮ ᠢᠶᠠᠷ ᠳᠠᠮᠵᠢᠨ᠂ 2018 — 2020 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠠᠬᠢᠨ ᠪᠠᠯᠠ ᠳᠣᠭᠢᠷᠠᠭᠤᠯᠬᠤ ᠳᠣᠯᠣᠳᠤᠭᠠᠷ ᠪᠦᠯᠦᠭ ᠵᠢᠭᠡᠯᠡᠯᠭᠡ ᠶᠢᠨ ᠲᠡᠮᠳᠡᠭᠲᠦ ᠶᠢ 173. 1665 ᠳ᠋ᠦᠩᠰᠢᠭᠤᠷ ᠲᠥᠭᠦᠷᠢᠭ ᠲᠠᠷᠬᠠᠭᠠᠪᠠ᠃
ᠡᠭᠦᠨ ᠳᠤ᠂ ᠡᠩ ᠤᠨ ᠵᠢᠭᠡᠯᠡᠯᠭᠡ ᠶᠢᠨ ᠲᠡᠮᠳᠡᠭᠲᠦ 131.9049 ᠳ᠋ᠦᠩᠰᠢᠭᠤᠷ ᠲᠥᠭᠦᠷᠢᠭ ᠲᠠᠷᠬᠠᠭᠠᠵᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 41.2616 ᠳ᠋ᠦᠩᠰᠢᠭᠤᠷ ᠲᠥᠭᠦᠷᠢᠭ ᠲᠠᠷᠬᠠᠭᠠᠵᠤ᠂ ᠲᠡᠷᠡ ᠪᠦᠬᠦᠨ ᠨᠢ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠪᠠᠶᠢᠵᠤ᠂ ᠲᠠᠷᠬᠠᠭᠠᠯᠲᠠ ᠶᠢᠨ ᠬᠦᠦ ᠮᠥᠩᠭᠦ ᠶᠢᠨ ᠨᠣᠷᠮ᠎ᠠ ᠨᠢ ᠴᠥᠮ 3.23% ᠪᠣᠯᠤᠨ᠎ᠠ᠃ ᠲᠤᠰ ᠪᠦᠯᠦᠭ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠳᠠᠭᠤᠰᠲᠠᠯ᠎ᠠ᠂ ᠮᠠᠨ ᠤ ᠣᠷᠣᠨ ᠡᠨᠡ ᠵᠢᠯ ᠨᠢᠭᠡᠨᠲᠡ ᠰᠢᠨ᠎ᠡ ᠪᠠᠷ 612 ᠳ᠋ᠦᠩᠰᠢᠭᠤᠷ ᠲᠥᠭᠦᠷᠢᠭ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ᠂ 2020 ᠣᠨ ᠤ ᠲᠥᠪ ᠠᠴᠠ ᠪᠠᠭᠤᠯᠭᠠᠭᠰᠠᠨ ᠲᠤᠭ᠎ᠠ ᠶᠢᠨ 61.87% ᠶᠢ ᠪᠡᠶᠡᠯᠡᠭᠦᠯᠪᠡ︔ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ 524.434 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ ᠵᠢᠯ ᠤᠨ ᠲᠠᠷᠬᠠᠭᠠᠬᠤ ᠲᠤᠭ᠎ᠠ ᠶᠢᠨ 67.14% ᠶᠢ ᠪᠡᠶᠡᠯᠡᠭᠦᠯᠪᠡ᠃