ᠵᠤᠬᠢᠶᠠᠭᠴᠢ:
ᠴᠠᠭ:2020-08-10
ᠥᠵᠡᠭᠰᠡᠨ : ℃
ᠢᠷᠡᠯᠲᠡ:
ᠮᠠᠨ ᠤ ᠤᠯᠤᠰ ᠤᠨ ᠠᠩᠬᠠᠳᠠᠭᠴᠢ ᠬᠥᠮᠥᠨ ᠠᠮᠠ ᠴᠦᠬᠡᠪᠲᠦᠷ ᠦᠨᠳᠦᠰᠦᠲᠡᠨ ᠤ ᠦᠭᠡ ᠬᠡᠯᠡᠨ ᠤ ᠲᠣᠯᠢ ᠪᠢᠴᠢᠭ ᠬᠡᠪᠯᠡᠭᠳᠡᠪᠡ 《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠶᠢ ᠬᠡᠪᠯᠡᠨ ᠲᠠᠷᠬᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤ
ᠮᠠᠨ ᠤ ᠤᠯᠤᠰ ᠤᠨ ᠠᠩᠬᠠᠳᠠᠭᠴᠢ ᠬᠥᠮᠥᠨ ᠠᠮᠠ ᠴᠦᠬᠡᠪᠲᠦᠷ ᠦᠨᠳᠦᠰᠦᠲᠡᠨ ᠤ ᠦᠭᠡ ᠬᠡᠯᠡᠨ ᠤ ᠲᠣᠯᠢ ᠪᠢᠴᠢᠭ ᠬᠡᠪᠯᠡᠭᠳᠡᠪᠡ 《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠶᠢ ᠬᠡᠪᠯᠡᠨ ᠲᠠᠷᠬᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ ᠪᠦ᠋ ᠰᠢᠶᠤᠤ ᠯᠢᠨ ᠣᠷᠣᠯᠴᠠᠪᠠ
2020 ᠣᠨ ᠤ 7 ᠳ᠋ᠤᠭᠠᠷ ᠰᠠᠷ᠎ᠠ 23 ᠤ ᠡᠳᠦᠷ᠂ ᠮᠠᠨ ᠤ ᠤᠯᠤᠰ ᠤᠨ ᠠᠩᠬᠠᠳᠠᠭᠴᠢ ᠬᠦᠮᠦᠨ ᠠᠮᠠ ᠴᠦᠬᠡᠪᠳᠦᠷ ᠦᠨᠳᠦᠰᠦᠲᠡᠨ ᠤ ᠦᠬᠡ ᠬᠡᠯᠡᠨ ᠤ ᠲᠤᠯᠢ ᠪᠢᠴᠢᠭ 《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠶᠢ ᠬᠡᠪᠯᠡᠨ ᠲᠠᠷᠬᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠰᠢᠨ ᠯᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠨᠣᠮ ᠤᠨ ᠰᠠᠩ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠪᠠᠶᠢᠭᠤᠯᠭ᠎ᠠ ᠳᠤ 《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠶᠢ ᠪᠡᠯᠡᠭᠯᠡᠵᠡᠢ᠃
ᠵᠧᠩ ᠬᠤᠩ ᠹᠠᠨ ᠪᠠᠶᠠᠷ ᠤᠨ ᠦᠭᠡ ᠳᠡᠭᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠴᠥᠭᠡᠨ ᠲᠣᠭᠠᠲᠤ ᠦᠨᠳᠦᠰᠦᠲᠡᠨ ᠤ ᠤᠰᠠᠳᠬᠤ ᠠᠶᠤᠯ ᠲᠠᠢ ᠪᠤᠯᠤᠭᠰᠠᠨ ᠦᠭᠡ ᠬᠡᠯᠡ ᠶᠢ ᠠᠪᠤᠷᠠᠨ ᠬᠠᠮᠠᠭᠠᠯᠠᠬᠤ᠂ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠪᠣᠯ ᠮᠠᠨ ᠤ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠃ ᠨᠠᠩ ᠣᠯᠠᠨ ᠬᠥᠮᠦᠨ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠳᠤ ᠣᠷᠣᠯᠴᠠᠵᠤ᠂ ᠳᠤᠮᠳᠠᠳᠤ ᠦᠨᠳᠦᠰᠦᠲᠡᠨ ᠤ ᠬᠠᠮᠲᠤ ᠴᠣᠭᠴᠠ ᠤᠬᠠᠮᠰᠠᠷ ᠢ ᠪᠠᠬᠢᠵᠢᠭᠦᠯᠬᠦ᠂ ᠳᠤᠮᠳᠠᠳᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠥ ᠵᠢᠭᠠᠵᠥ ᠭᠠᠷᠭᠠᠪᠠ᠃
《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠶᠢ ᠬᠡᠪᠯᠡᠨ ᠲᠠᠷᠬᠠᠭᠠᠵᠤ ᠪᠠᠶᠢᠭ᠎ᠠ ᠪᠤᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠥᠷᠥ ᠶᠠᠪᠤᠳᠠᠯ ᠤᠨ ᠬᠤᠷᠢᠶᠠᠨ ᠤ 《︿ᠠᠷᠪᠠᠨ ᠭᠤᠷᠪᠠᠳᠤᠭᠠᠷ ᠲᠠᠪᠤᠨ ᠵᠢᠯ﹀ ᠤᠨ ᠦᠨᠳᠦᠰᠦᠲᠡᠨ ᠤ ᠭᠠᠵᠠᠷ ᠣᠷᠣᠨ ᠪᠠ ᠬᠥᠮᠦᠨ ᠠᠮᠠ ᠴᠦᠬᠡᠪᠳᠦᠷ ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠶᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ》 ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠰᠠᠳᠬᠤ ᠠᠶᠤᠯ ᠲᠠᠢ ᠪᠤᠯᠤᠭᠰᠠᠨ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠮᠡᠳᠡᠭᠡ ᠵᠠᠩᠭᠢ ᠡᠬᠢ ᠪᠠᠶᠠᠯᠢᠭ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ ᠲᠡᠮᠳᠡᠭᠯᠡᠨ᠂ ᠰᠢᠩᠭᠡᠭᠡᠨ ᠬᠠᠳᠠᠭᠠᠯᠠᠵᠤ᠂ ᠤᠯᠤᠰ ᠤᠨ ᠬᠡᠯᠡᠨ ᠤ ᠡᠬᠢ ᠪᠠᠶᠠᠯᠢᠭ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠬᠡᠯᠡᠨ ᠤ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠮᠦᠨ ᠠᠮᠠ ᠴᠦᠬᠡᠪᠳᠦᠷ ᠦᠨᠳᠦᠰᠦᠲᠡᠨ 《ᠣᠷᠴᠣᠨ᠂ ᠡᠸᠡᠩᠬᠢ᠂ ᠳᠠᠭᠤᠷ》 ᠤᠨ ᠦᠬᠡ ᠬᠡᠯᠡ ᠶᠢ ᠬᠠᠮᠠᠭᠠᠯᠠᠬᠤ ᠪᠠ ᠤᠯᠠᠮᠵᠢᠯᠠᠬᠤ ᠲᠥᠷᠥᠯ ᠵᠦᠢᠯ ᠤᠨ ᠨᠠᠶᠢᠷᠠᠭᠤᠯᠤᠨ ᠲᠤᠭᠤᠷᠪᠢᠬᠤ ᠠᠵᠢᠯ 2017 ᠣᠨ ᠤ ᠵᠢᠯ ᠤᠨ ᠰᠡᠭᠦᠯᠴᠢ ᠪᠠᠷ ᠡᠬᠢᠯᠡᠵᠠᠢ᠃ 《ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠨᠢ ᠲᠣᠯᠢ ᠪᠢᠴᠢᠭ ᠤᠨ ᠬᠡᠯᠪᠡᠷᠢ ᠪᠠᠷ ᠪᠠᠷᠯᠠᠵᠤ᠂ ᠡᠯᠧᠺᠲᠷᠣᠨ ᠠᠪᠢᠶᠠᠯᠠᠯᠭ᠎ᠠ ᠬᠠᠪᠰᠤᠷᠭᠠᠵᠤ᠂ ᠴᠥᠭᠡᠨ ᠲᠣᠭᠠᠲᠤ ᠦᠨᠳᠦᠰᠦᠲᠡᠨ ᠤ ᠬᠡᠯᠡ ᠶᠢ ᠰᠤᠳᠤᠯᠬᠤ᠂ ᠵᠢᠭᠠᠨ ᠰᠤᠷᠭᠠᠬᠤ ᠪᠠ ᠬᠡᠷᠡᠭᠯᠡᠬᠦ ᠳᠤ ᠲᠥᠬᠦᠮ ᠦᠵᠡᠭᠦᠯᠬᠦ ᠪᠦᠭᠡᠳ ᠦᠨᠳᠦᠰᠦᠲᠡᠨ ᠤ ᠲᠡᠤᠬᠡ ᠰᠣᠶᠣᠯ ᠢ ᠬᠠᠮᠠᠭᠠᠯᠠᠨ ᠤᠯᠠᠮᠵᠢᠯᠠᠵᠤ ᠬᠦᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ ᠡᠭᠦᠨ ᠠᠴᠠ ᠭᠠᠳᠠᠨ᠎ᠠ᠂ 《ᠡᠸᠡᠩᠬᠢ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》᠂ 《ᠳᠠᠭᠤᠷ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ》 ᠴᠤ ᠨᠠᠶᠢᠷᠠᠭᠤᠯᠤᠨ ᠬᠢᠨᠠᠬᠤ ᠶᠠᠪᠤᠴᠠ ᠳᠤ ᠤᠷᠤᠭᠰᠠᠨ ᠪᠠᠶᠢᠨ᠎ᠠ᠃