ᠵᠤᠬᠢᠶᠠᠭᠴᠢ:
ᠴᠠᠭ:2020-12-08
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠦᠨ ᠵᠡᠭᠦᠨᠭᠠᠷ ᠬᠣᠰᠢᠭᠤᠨ ᠳᠤ ᠬᠦᠷᠴᠦ ᠬᠣᠶᠠᠷ ᠠᠵᠢᠯ ᠢ ᠰᠢᠮᠳᠠᠭᠤᠯᠤᠨ

2020 ᠣᠨ ᠤ 12 ᠳ᠋ᠤᠭᠠᠷ ᠰᠠᠷ᠎ᠠ ᠶᠢᠨ 4 ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠬᠡᠷ ᠦᠨ ᠠᠶᠢᠮᠠᠭ ᠬᠣᠲᠠ ᠶᠢᠨ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ 2 ᠵᠡᠭᠦᠨᠭᠠᠷ ᠬᠣᠰᠢᠭᠤᠨ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠬᠣᠶᠠᠷ ᠶᠢᠨ ᠠᠵᠢᠯ ᠢ ᠰᠢᠮᠳᠠᠭᠤᠯᠤᠨ ᠵᠢᠯᠣᠭᠣᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠵᠡᠭᠦᠨᠭᠠᠷ ᠬᠣᠰᠢᠭᠤᠨ ᠤ ᠨᠠᠮ ᠤᠨ ᠬᠣᠷᠢᠶᠠᠨ ᠤ ᠪᠠᠶᠢᠩᠭᠤ ᠶᠢᠨ ᠭᠡᠰᠢᠭᠦᠨ ᠂ ᠠᠯᠪᠠᠨ ᠬᠡᠷ ᠦᠨ ᠡᠷᠬᠢᠯᠡᠭᠴᠢ ᠡᠷᠭᠢᠯᠡᠵᠦ ᠂ ᠨᠠᠮ ᠤᠨ ᠬᠣᠷᠢᠶᠠᠨ ᠤ ᠠᠯᠪᠠᠨ ᠬᠡᠷ ᠂ ᠵᠠᠰᠠᠭ ᠤᠨ ᠣᠷᠳᠣᠨ ᠤ ᠠᠯᠪᠠᠨ ᠬᠡᠷ ᠂ ᠵᠣᠬᠢᠶᠠᠨ ᠪᠠᠶᠢᠭᠤᠯᠬᠤ ᠬᠡᠯᠲᠡᠰ ᠂ ᠤᠬᠠᠭᠤᠯᠬᠤ ᠬᠡᠯᠲᠡᠰ ᠂ ᠨᠢᠭᠡᠳᠦᠮᠡᠯ ᠹᠷᠥᠡᠲᠤᠨ ᠬᠡᠯᠲᠡᠰ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠦᠶᠯᠡᠳᠪᠦᠷᠢ ᠮᠡᠳᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠂ ᠣᠶᠢᠯᠠᠯᠭ᠎ᠠ ᠶᠢᠨ ᠠᠯᠪᠠᠨ ᠬᠡᠷ ᠪᠣᠯᠤᠨ ᠬᠠᠮᠢᠶ᠎ᠠ ᠪᠥᠬᠥᠶ ᠠᠵᠤ ᠠᠬᠤᠶᠢᠯᠠᠯ ᠤᠨ ᠬᠣᠯᠪᠣᠭᠳᠠᠯ ᠪᠥᠬᠥᠶ ᠬᠤᠷᠠᠯ ᠳᠤ ᠃ ᠬᠤᠷᠠᠯ ᠳᠡᠭᠡᠷ᠎ᠡ ᠂ ᠵᠡᠭᠦᠨᠭᠠᠷ ᠬᠣᠰᠢᠭᠤᠨ ᠣᠶᠢᠯᠠᠯᠭ᠎ᠠ ᠶᠢᠨ ᠠᠯᠪᠠᠨ ᠬᠡᠷ ᠦᠨ ᠡᠷᠬᠢᠯᠡᠭᠴᠢ ᠶᠠᠩ ᠢᠦᠶ ᠮᠢᠩ ᠣᠳᠣᠬᠠᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠡ ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠪᠡ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠲᠠᠨᠢᠯᠴᠠᠭᠤᠯᠪᠠ ᠃ ᠲᠡᠷᠡ ᠵᠢᠭᠠᠵᠤ ᠭᠠᠷᠭᠠᠭᠰᠠᠨ ᠨᠢ᠂ ᠵᠡᠭᠦᠨᠭᠠᠷ ᠬᠣᠰᠢᠭᠤᠨ ᠤ ᠣᠶᠢᠯᠠᠯᠭ᠎ᠠ ᠨᠠᠶᠢᠷᠠᠭᠤᠯᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠬᠣᠶᠠᠷ ᠠᠵᠢᠯ ᠤᠨ ᠳᠤᠲᠠᠭᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠮᠥᠨ᠂ ᠵᠢᠯ ᠦᠨ ᠳᠣᠲᠣᠷ᠎ᠠ ᠣᠷᠣᠨ ᠨᠤᠲᠤᠭ ᠤᠨ ᠣᠶᠢᠯᠠᠯᠭ᠎ᠠ ᠶᠢᠨ ᠬᠣᠶᠠᠷ ᠠᠵᠢᠯ ᠢ ᠪᠡᠶᠡᠯᠡᠭᠦᠯᠬᠦ ᠪᠣᠯ ᠲᠥᠷᠦ ᠶᠢᠨ ᠶᠠᠪᠤᠳᠠᠯ ᠤᠨ ᠬᠣᠷᠢᠶᠠᠨ ᠤ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠣᠷᠳᠣᠨ ᠤ ᠱᠠᠭᠠᠷᠳᠠᠯᠭ᠎ᠠ ᠮᠥᠨ ᠵᠡᠭᠦᠨᠭᠠᠷ ᠬᠣᠰᠢᠭᠤᠨ ᠤ ᠤᠳᠤᠷᠢᠳᠤᠯᠭ᠎ᠠ ᠬᠡᠮᠵᠢᠶ᠎ᠡ ᠪᠡᠷ ᠴᠢᠬᠤᠯᠠᠴᠢᠯᠠᠵᠤ ᠂ ᠠᠷᠭ᠎ᠠ ᠬᠡᠮᠵᠢᠶ᠎ᠡ ᠪᠡᠨ ᠴᠢᠩᠭᠠᠳᠬᠠᠵᠤ ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠲᠣᠭᠲᠠᠭᠰᠠᠨ ᠠᠵᠢᠯ ᠤᠨ ᠡᠭᠦᠷᠭᠡ ᠪᠡᠨ ᠃ ᠵᠠᠷᠢᠮ ᠣᠶᠢᠯᠠᠯᠭ᠎ᠠ ᠨᠠᠶᠢᠷᠠᠭᠤᠯᠬᠤ ᠨᠢᠭᠡᠴᠡ ᠨᠢ ᠣᠳᠣᠬᠠᠨ ᠤ ᠠᠵᠢᠯ ᠤᠨ ᠠᠬᠢᠴᠠ ᠪᠠᠨ ᠬᠠᠷᠢᠭᠤ ᠮᠡᠳᠡᠭᠦᠯᠪᠡ᠃ ᠬᠠᠮᠤᠭ ᠰᠡᠭᠦᠯ ᠳᠦ ᠣᠪᠣᠷ ᠢᠶᠠᠨ ᠢᠯᠡᠳᠬᠡᠬᠦ ᠶᠠᠷᠢᠶ᠎ᠠ ᠂ ᠲᠡᠷᠡ ᠄ ᠵᠡᠭᠦᠨᠭᠠᠷ ᠬᠣᠰᠢᠭᠤᠨ ᠤ ᠨᠠᠮ ᠤᠨ ᠬᠣᠷᠢᠶ᠎ᠠ ᠂ ᠵᠠᠰᠠᠭ ᠣᠷᠳᠣᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠬᠡᠮᠵᠢᠶ᠎ᠡ ᠪᠡᠷ ᠴᠢᠬᠤᠯᠠᠴᠢᠯᠠᠵᠤ ᠂ ᠥᠪᠡᠷᠲᠡᠭᠡᠨ ᠵᠠᠰᠠᠬᠤ ᠣᠷᠣᠨ ᠤ ᠬᠣᠶᠠᠷ ᠠᠵᠢᠯ ᠲᠡᠭᠦᠰᠬᠡᠯ ᠱᠠᠲᠤᠨ ᠳᠤ ᠂ ᠨᠡᠩ ᠴᠤ ᠰᠢᠨᠵᠢᠯᠡᠬᠦ ᠤᠬᠠᠭᠠᠨᠴᠢ ᠪᠠᠷ ᠪᠣᠭᠣᠮᠲᠠ ᠰᠢᠪᠲᠤᠯᠵᠤ ᠂ ᠣᠯᠠᠨ ᠲᠠᠯ᠎ᠠ ᠪᠠᠷ ᠴᠢᠷᠮᠠᠶᠢᠵᠤ ᠂ ᠡᠳᠦᠷ ᠪᠦᠷᠢ ᠂ ᠬᠠᠷᠢᠭᠤᠴᠠᠯᠭ᠎ᠠ ᠶᠢ ᠬᠥᠮᠦᠨ ᠳᠦᠨᠢ ᠳᠠᠭᠠᠭᠠᠯᠭᠠᠵᠤ ᠂ ᠵᠢᠯ ᠦᠨ ᠡᠴᠦᠰ ᠡᠴᠡ ᠡᠮᠦᠨ᠎ᠡ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠃