ᠵᠤᠬᠢᠶᠠᠭᠴᠢ:
ᠴᠠᠭ:2020-06-15
ᠥᠵᠡᠭᠰᠡᠨ : ℃
ᠢᠷᠡᠯᠲᠡ:
︽ᠦᠶᠤᠸᠠᠨ ᠰᠢᠶᠠᠨ ᠤ ᠣᠶᠢᠯᠠᠯᠭ᠎ᠠ︵1995︱2015 ᠣᠨ︶︾︵ᠨᠣᠸᠷᠠᠭ︶ ᠶᠢ ᠬᠢᠨᠠᠨ ᠪᠠᠲᠤᠯᠠᠪᠠ

2020 ᠣᠨ ᠤ 5 ᠳ᠋ᠤᠭᠠᠷ ᠰᠠᠷ᠎ᠠ ᠶᠢᠨ 30︱31 ᠦ ᠡᠳᠦᠷ ᠂ 《 ᠦᠶᠤᠸᠠᠨ ᠰᠢᠶᠠᠨ ᠤ ᠣᠶᠢᠯᠠᠯᠭ᠎ᠠ︵1995︱2015 ᠣᠨ ︶》︵ᠨᠣᠸᠷᠠᠭ ︶ ᠶᠢ ᠬᠢᠨᠠᠨ ᠲᠣᠭᠲᠠᠭᠠᠬᠤ ᠬᠤᠷᠠᠯ ᠦᠶᠤᠸᠠᠨ ᠰᠢᠶᠠᠨ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠾᠧ ᠪᠢᠶᠣᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ ᠃ ᠦᠶᠤᠸᠠᠨ ᠰᠢᠶᠠᠨ ᠤ ᠨᠠᠮ ᠤᠨ ᠬᠣᠷᠢᠶᠠᠨ ᠤ ᠳᠡᠳ᠋ ᠱᠦᠵᠢ ᠂ ᠰᠢᠶᠠᠨ ᠤ ᠳᠠᠷᠤᠭ᠎ᠠ ᠵᠠᠩ ᠭᠤᠸᠠᠩ ᠮᠢᠩ ᠤᠭᠲᠤᠯᠭ᠎ᠠ ᠶᠢᠨ ᠦᠭᠡ ᠬᠡᠯᠡᠵᠦ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠴᠠᠭᠠᠨᠯᠠᠩᠲᠤ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ 《 ᠭᠤᠷᠪᠠ ᠶᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ 》 ᠶᠢᠨ ᠪᠣᠭᠣᠮᠲᠠ ᠰᠢᠪᠲᠤᠯᠬᠤ ᠳᠥᠷᠪᠡᠳᠦᠭᠡᠷ ᠂ ᠲᠠᠪᠤᠳᠤᠭᠠᠷ ᠳᠤᠭᠤᠶᠢᠯᠠᠩ ᠂ ᠪᠠᠶᠠᠨᠨᠠᠭᠤᠷ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠠᠵᠢᠯᠲᠠᠨ ᠵᠢᠴᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠂ ᠦᠶᠤᠸᠠᠨ ᠰᠢᠶᠠᠨ ᠤ ᠨᠠᠮ ᠤᠨ ᠬᠣᠷᠢᠶᠠᠨ ᠤ ᠳᠡᠳ᠋ ᠱᠦᠵᠢ ᠯᠢ ᠰᠢᠶᠤᠤ ᠷᠦᠢ ᠵᠢᠴᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠦᠨ ᠠᠵᠢᠯᠲᠠᠨ᠂ ᠰᠢᠶᠠᠨ ᠤ ᠨᠠᠮ ᠤᠨ ᠲᠡᠸᠬᠡ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠶᠢᠷᠠᠭᠤᠯᠤᠭᠴᠢ ᠵᠢᠴᠢ ᠬᠥᠷᠰᠢ ᠵᠡᠷᠭᠡᠯᠡᠳᠡᠭᠡ ᠬᠣᠰᠢᠭᠤ ᠰᠢᠶᠠᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠬᠠᠷᠢᠭᠤᠴᠠᠯᠭᠠᠲᠠᠳ ᠨᠡᠶᠢᠲᠡ 23 ᠬᠥᠮᠦᠨ ᠬᠢᠨᠠᠨ ᠲᠣᠭᠲᠠᠭᠠᠬᠤ ᠬᠤᠷᠠᠯ ᠳᠤ ᠣᠷᠣᠯᠴᠠᠪᠠ ᠃ ᠪᠠᠶᠠᠨᠨᠠᠭᠤᠷ ᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠯᠢᠦ ᠵᠢᠩ ᠫᠢᠩ ᠬᠤᠷᠠᠯ ᠢ ᠡᠷᠭᠢᠯᠡᠪᠡ ᠃

ᠬᠤᠷᠠᠯ ᠳᠡᠭᠡᠷ᠎ᠡ᠂ ᠾᠧ ᠪᠢᠶᠣᠤ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠣᠩ ᠹᠠᠨ ᠤ ᠣᠷᠣᠨ ᠨᠤᠲᠤᠭ ᠤᠨ ᠣᠶᠢᠯᠠᠯᠭ᠎ᠠ ᠶᠢᠨ 《 ᠬᠣᠶᠠᠷ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ 》 ᠶᠢᠨ ᠡᠭᠦᠷᠭᠡ ᠶᠢᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠤᠯᠠᠮᠵᠢᠯᠠᠵᠠᠶ ᠃ ᠡᠭᠦᠨ ᠦ ᠬᠠᠮᠲᠤ ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠪᠠ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ ᠃ 《 ᠦᠶᠤᠸᠠᠨ ᠰᠢᠶᠠᠨ ᠤ ᠣᠶᠢᠯᠠᠯᠭ᠎ᠠ︵1995︱2015 ᠣᠨ ︶》︵ᠨᠣᠸᠷᠠᠭ ︶ ᠶᠢᠨ ᠨᠠᠶᠢᠷᠠᠭᠤᠯᠤᠭᠴᠢ ᠯᠢ ᠵᠦᠩ ᠣᠶᠢᠯᠠᠯᠭ᠎ᠠ ᠨᠠᠢᠷᠠᠭᠤᠯᠤᠭᠰᠠᠨ ᠶᠠᠪᠤᠴᠠ ᠪᠠᠨ ᠲᠠᠨᠢᠯᠴᠠᠭᠤᠯᠪᠠ ᠃ ᠬᠢᠨᠠᠨ ᠲᠣᠭᠲᠠᠭᠠᠬᠤ ᠺᠣᠮᠢᠰ ᠪᠠᠲᠤᠯᠠᠬᠤ ᠪᠠᠷ ᠲᠣᠭᠲᠠᠪᠠ᠃ ᠬᠢᠨᠠᠨ ᠲᠣᠭᠲᠠᠭᠠᠬᠤ ᠬᠤᠷᠠᠯ ᠳᠠᠭᠤᠰᠤᠭᠰᠠᠨ ᠤ ᠳᠠᠷᠠᠭ᠎ᠠ ᠂ ᠴᠠᠭᠠᠨᠯᠠᠩᠲᠤ ᠳ᠋ᠦᠩᠨᠡᠯᠲᠡ ᠶᠢᠨ ᠃