ᠵᠤᠬᠢᠶᠠᠭᠴᠢ:
ᠴᠠᠭ:2019-11-20
ᠥᠵᠡᠭᠰᠡᠨ : ℃
ᠢᠷᠡᠯᠲᠡ:
ᠬᠢᠩᠭᠠᠨ ᠠᠶᠢᠮᠠᠭ ᠲᠦᠴᠢᠦᠸᠠᠨ ᠰᠢᠶᠠᠨ ᠳᠤ ᠰᠠᠭᠤᠭ᠎ᠠ ᠶᠠᠳᠠᠭᠤ ᠠᠩᠭᠢᠵᠢᠷᠠᠭᠤᠯᠬᠤ ᠪᠣᠭᠣᠮᠲᠠ ᠰᠢᠪᠲᠤᠯᠬᠤ ᠶᠡᠷᠦᠩᠬᠡᠶ ᠠᠩᠭᠢ ᠨᠢ ᠣᠷᠣᠨ ᠰᠢᠭᠤᠳ ᠬᠠᠷᠢᠶ᠎ᠠ ᠴᠢᠭ᠋ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠲᠣᠰᠬᠣᠨ ᠳᠤ ᠰᠠᠭᠤᠭ᠎ᠠ ᠭᠡᠰᠢᠭᠦᠳ

2019 ᠣᠨ 11 ᠰᠠᠷ᠎ᠠ 8 ᠡᠳᠦᠷ ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠬᠢᠴᠠ ᠶᠢ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠢ ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠡᠷᠦᠩᠬᠡᠶ ᠠᠩᠭᠢ ᠲᠦᠴᠢᠦᠸᠠᠨ ᠰᠢᠶᠠᠨ ᠤ ᠠᠷᠠᠳ ᠤᠨ ᠵᠠᠰᠠᠭ ᠣᠷᠳᠣᠨ ᠤ ᠣᠷᠣᠨ ᠤ ᠰᠢᠭᠤᠳ ᠬᠠᠷᠢᠶ᠎ᠠ ᠂ ᠠᠶᠢᠮᠠᠭ ᠤᠨ ᠰᠢᠭᠤᠳ ᠬᠠᠷᠢᠶ᠎ᠠ ᠴᠢᠭ᠋ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠶᠢᠨ ᠲᠣᠰᠬᠣᠨ ᠳᠤ ᠰᠠᠭᠤᠭ᠎ᠠ ᠭᠡᠰᠢᠭᠦᠳ ᠲᠡᠶ ᠬᠤᠷᠠᠯ ᠬᠢᠪᠡ ᠃ ᠲᠦᠴᠢᠦᠸᠠᠨ ᠰᠢᠶᠠᠨ ᠳᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠶᠡᠷᠦᠩᠬᠡᠶ ᠠᠩᠭᠢ ᠶᠢᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢᠨ ᠲᠤᠸ ᠬᠤᠷᠠᠯ ᠳᠤ ᠣᠷᠣᠯᠴᠠᠵᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠶ᠎ᠠ ᠲᠠᠯᠪᠢᠵᠠᠶ ᠃ ᠥᠪᠡᠷᠲᠡᠭᠡᠨ ᠵᠠᠰᠠᠬᠤ ᠣᠷᠣᠨ ᠤ ᠵᠠᠰᠠᠭ ᠣᠷᠳᠣᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠣᠷᠣᠨ ᠤ ᠰᠢᠭᠤᠳ ᠬᠠᠷᠢᠶ᠎ᠠ ᠲᠣᠭᠲᠠᠭᠠᠨ ᠬᠠᠪᠰᠤᠷᠤᠨ ᠲᠡᠳᠬᠦᠬᠦ 8 ᠨᠢᠭᠡᠴᠡ ᠬᠤᠷᠠᠯ ᠳᠤ ᠣᠷᠣᠯᠴᠠᠪᠠ ᠃ 2011 ~ 2018 ᠣᠨ ᠂ ᠥᠪᠡᠷᠲᠡᠭᠡᠨ ᠵᠠᠰᠠᠬᠤ ᠣᠷᠣᠨ ᠤ ᠵᠠᠰᠠᠭ ᠣᠷᠳᠣᠨ ᠤ ᠠᠯᠪᠠᠨ ᠲᠢᠩᠬᠢᠮ ᠰᠢᠤᠸᠠᠢ ᠲᠢᠶᠠᠨ ᠰᠢᠶᠠᠩ ᠳᠤ ᠨᠡᠢᠢᠲᠡ 990 ᠲᠦᠮᠡᠨ ᠲᠥᠭᠥᠷᠢᠭ ᠦᠨ ᠪᠡᠯᠡ ᠣᠷᠣᠭᠤᠯᠵᠤ ᠂ ᠠᠵᠤ ᠦᠢᠯᠡᠰ ᠦᠨ ᠤᠨᠢᠨ ᠳᠡᠭᠡᠷ᠎ᠡ ᠨᠢ ᠲᠥᠷᠦ ᠶᠢᠨ ᠪᠣᠳᠣᠯᠭ᠎ᠠ ᠬᠡᠷᠡᠭᠵᠢᠭᠦᠯᠬᠦ ᠂ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠂ ᠡᠮ ᠡᠮᠨᠡᠯᠭᠡ ᠰᠤᠷᠭᠠᠨ ᠬᠥᠮᠦᠵᠢᠯ ᠦᠨ ᠨᠥᠬᠥᠴᠡᠯ ᠢ ᠲᠡᠭᠦᠯᠳᠡᠷᠵᠢᠭᠦᠯᠬᠦ ᠂ ᠬᠥᠳᠡᠭᠡ ᠲᠣᠰᠬᠣᠨ ᠤ ᠬᠥᠮᠦᠰ ᠦᠨ ᠣᠷᠣᠰᠢᠨ ᠰᠠᠭᠤᠬᠤ ᠣᠷᠴᠢᠨ ᠰᠠᠶᠢᠵᠢᠷᠠᠭᠤᠯᠬᠤ ᠵᠡᠷᠭᠡ ᠲᠠᠯ᠎ᠠ ᠳᠤ ᠬᠡᠷᠡᠭᠯᠡᠪᠡ ᠃ 2019 ᠣᠨ ᠳᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠠᠪᠰᠤᠷᠤᠨ ᠲᠡᠳᠬᠦᠬᠦ ᠪᠠᠯᠠ ᠮᠥᠩᠭᠥ 80 ᠲᠦᠮᠡᠨ ᠲᠥᠭᠥᠷᠢᠭ ᠵᠣᠬᠢᠴᠠᠭᠤᠯᠵᠤ ᠂ ᠡᠭᠦᠨ ᠳᠦ ᠰᠢᠤᠸᠠᠢ ᠲᠢᠶᠠᠨ ᠰᠢᠶᠠᠩ ᠤᠨ ᠨᠡᠢᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠪᠠᠯᠠ ᠮᠥᠩᠭᠥ 60 ᠲᠦᠮᠡᠨ ᠲᠥᠭᠥᠷᠢᠭ ᠂ ᠰᠢᠤᠸᠠᠢ ᠲᠢᠶᠠᠨ ᠲᠣᠰᠬᠣᠨ ᠤ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠶᠯ20 ᠲᠦᠮᠡᠨ ᠲᠥᠭᠥᠷᠢᠭ ᠪᠣᠯᠤᠨ᠎ᠠ ᠃ ᠰᠢᠤᠸᠠᠢ ᠲᠢᠶᠠᠨ ᠲᠣᠰᠬᠣᠨ ᠤ ᠬᠠᠮᠲᠤ ᠶᠢᠨ ᠬᠣᠨᠢ ᠲᠡᠵᠢᠭᠡᠨ ᠦᠷᠡᠵᠢᠭᠦᠯᠬᠦ ᠲᠥᠷᠥᠯ ᠵᠦᠶᠯ 50 ᠲᠦᠮᠡᠨ ᠲᠥᠭᠥᠷᠢᠭ ᠃