ᠵᠤᠬᠢᠶᠠᠭᠴᠢ:
ᠴᠠᠭ:2019-10-28
ᠥᠵᠡᠭᠰᠡᠨ : ℃
ᠢᠷᠡᠯᠲᠡ:
ᠪᠦᠬᠦ ᠤᠯᠤᠰ ᠣᠷᠣᠨ ᠨᠤᠲᠤᠭ ᠣᠶᠢᠯᠠᠯᠭ᠎ᠠ ᠦᠢᠯᠡᠰ ᠲᠥᠯᠥᠪᠵᠢᠭᠦᠯᠭᠡ ᠰᠤᠳᠤᠯᠤᠨ ᠶᠠᠷᠢᠯᠴᠠᠬᠤ ᠬᠤᠷᠠᠯ ᠳᠤ ᠬᠤᠷᠠᠯᠳᠤᠪᠠ

2019 ᠣᠨ 10 ᠰᠠᠷ᠎ᠠ 19 ︱ 20 ᠡᠳᠦᠷ ᠂ ᠪᠥᠬᠥ ᠤᠯᠤᠰ ᠣᠷᠣᠨ ᠨᠤᠲᠤᠭ ᠤᠨ ᠣᠶᠢᠯᠠᠯᠭ᠎ᠠ ᠦᠢᠯᠡᠰ ᠲᠥᠯᠥᠪᠵᠢᠭᠦᠯᠭᠡ ᠶᠢᠨ ᠰᠤᠳᠤᠯᠤᠨ ᠶᠠᠷᠢᠯᠴᠠᠬᠤ ᠬᠤᠷᠠᠯ ᠾᠧᠨᠠᠨ ᠤ ᠳᠤ ᠬᠤᠷᠠᠯᠳᠤᠪᠠ ᠃ ᠳᠤᠮᠳᠠᠳᠤ ᠤᠯᠤᠰ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠨᠠᠷᠢᠨ ᠳᠠᠷᠤᠭ᠎ᠠ ᠂ ᠳᠤᠮᠳᠠᠳᠤ ᠤᠯᠤᠰ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ ᠡᠷᠬᠢᠯᠡᠭᠴᠢ ᠵᠢᠶ ᠰᠢᠶᠠᠩ ᠳ᠋ᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠳᠤᠮᠳᠠᠳᠤ ᠤᠯᠤᠰ ᠳᠤᠭᠤᠶᠢᠯᠠᠩ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠶᠠᠨ ᠵᠢᠶᠠ ᠬᠤᠷᠠᠯ ᠳᠤ ᠣᠷᠣᠯᠴᠠᠪᠠ ᠃ ᠾᠧᠨᠠᠨ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠭᠤᠸᠠᠨ ᠷᠧᠨ ᠹᠦ᠋ ᠂ ᠾᠧᠨᠠᠨ ᠮᠤᠵᠢ ᠶᠢᠨ ᠠᠷᠠᠳ ᠤᠨ ᠵᠠᠰᠠᠭ ᠣᠷᠳᠣᠨ ᠤ ᠳᠡᠳ᠋ ᠳᠠᠷᠤᠭ᠎ᠠ ᠵᠧᠨ ᠯᠢᠩ ᠬᠤᠷᠠᠯ ᠳᠤ ᠣᠷᠣᠯᠴᠠᠵᠤ ᠦᠭᠡ ᠃ ᠵᠢᠯᠣᠭᠣᠳᠬᠤ ᠳᠡᠳ᠋ ᠡᠷᠬᠢᠯᠡᠭᠴᠢ ᠴᠢᠦ ᠰᠢᠨ ᠯᠢ ᠬᠤᠷᠠᠯ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠶ ᠃ ᠳᠤᠮᠳᠠᠳᠤ ᠤᠯᠤᠰ ᠣᠷᠣᠨ ᠨᠤᠲᠤᠭ ᠤᠨ ᠣᠶᠢᠯᠠᠯᠭ᠎ᠠ ᠲᠤᠰᠬᠠᠶ ᠮᠡᠷᠭᠡᠵᠢᠯᠲᠡᠨ ᠦᠨ ᠲᠤᠰᠬᠠᠶ ᠮᠡᠷᠭᠡᠵᠢᠯᠲᠡᠨ ᠂ ᠬᠡᠰᠡᠭ ᠮᠤᠵᠢ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠪᠠᠶᠢᠭᠤᠯᠤᠮᠵᠢ ᠶᠢᠨ ᠬᠠᠷᠢᠭᠤᠴᠠᠯᠭᠠᠲᠠᠨ ᠂ ᠳᠤᠮᠳᠠᠳᠤ ᠤᠯᠤᠰ ᠰᠣᠳᠣᠨ ᠣᠨ ᠣᠶᠢᠯᠠᠪᠤᠷᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠵᠢᠴᠢ ᠬᠡᠰᠡᠭ ᠲᠥᠯᠥᠭᠡᠯᠡᠭᠴᠢ ᠵᠡᠷᠭᠡ 60 ᠭᠠᠷᠤᠶ ᠬᠥᠮᠦᠨ ᠬᠤᠷᠠᠯ ᠳᠤ ᠣᠷᠣᠯᠴᠠᠪᠠ ᠃