ᠵᠤᠬᠢᠶᠠᠭᠴᠢ:
ᠴᠠᠭ:2019-08-08
ᠥᠵᠡᠭᠰᠡᠨ : ℃
ᠢᠷᠡᠯᠲᠡ:
ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠾᠧ ᠪᠢᠶᠣᠤ ︽ ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠣᠣᠯ ᠰᠡᠳᠦᠪᠲᠦ ᠬᠥᠮᠦᠵᠢᠯ ᠦᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠤᠪᠠ

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠦᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠸᠯ ᠰᠡᠳᠦᠪᠲᠦ ᠬᠥᠮᠦᠵᠢᠯ ᠦᠨ ᠲᠣᠬᠢᠷᠠᠭᠤᠯᠤᠯᠲᠠ ᠶᠢ ᠦᠨᠳᠦᠰᠦᠯᠡᠨ ᠂ 2019 ᠣᠨ ᠦ 7 ᠳ᠋ᠤᠭᠠᠷ ᠰᠠᠷ᠎ᠠ ᠶᠢᠨ 31 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠾᠧ ᠪᠢᠶᠣᠤ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠂ ᠨᠢᠭᠡᠨ ᠰᠠᠯᠠᠭ᠎ᠠ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠬᠠᠷᠢᠭᠤᠴᠠᠯᠭᠠᠲᠤ ᠣᠷᠣᠨ ᠨᠤᠲᠤᠭ ᠤᠨ ᠣᠶᠢᠯᠠᠯᠭ᠎ᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠪᠣᠯᠤᠨ ᠭᠣᠸᠯ ᠠᠵᠢᠯ ᠤᠨ ᠠᠭᠤᠰᠤᠯᠴᠠᠯ ᠢ ᠴᠢᠷᠮᠠᠶᠢᠨ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠳᠠᠬᠢᠨ ᠰᠢᠨ᠎ᠡ ᠳᠡᠭᠲᠡᠷ ᠲᠦ ᠭᠠᠷᠬᠤ ᠶᠢ ᠠᠬᠢᠭᠤᠯᠤᠶ᠎ᠠ 》 ᠭᠡᠬᠦ ᠰᠡᠳᠦᠪ ᠢᠶᠡᠷ ᠭᠣᠸᠯ ᠰᠡᠳᠦᠪᠲᠦ ᠬᠥᠮᠦᠵᠢᠯ ᠦᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠤᠵᠠᠢ᠃ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠴᠠᠭᠠᠨᠯᠠᠩᠲᠤ ᠂ ᠮᠧᠩ ᠰᠢᠤ ᠹᠠᠩ ᠵᠢᠴᠢ ᠪᠥᠬᠥ ᠠᠵᠢᠯᠲᠠᠨ ᠣᠷᠣᠯᠴᠠᠵᠠᠶ ᠃