ᠵᠤᠬᠢᠶᠠᠭᠴᠢ:
ᠴᠠᠭ:2019-08-02
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠨᠠᠷ ᠠᠷᠠᠳᠴᠢᠯᠠᠭᠰᠠᠨ ᠨᠠᠮ ᠪᠦᠯᠦᠭ ᠤᠨ ᠠᠯᠪᠠᠨ ᠭᠡᠷ ᠲᠦ ᠬᠦᠷᠴᠦ ᠬᠣᠶᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠵᠣᠬᠢᠴᠠᠭᠤ

2019 ᠣᠨ ᠤ 7 ᠳ᠋ᠤᠭᠠᠷ ᠰᠠᠷ᠎ᠠ ᠶᠢᠨ 22 ᠦᠨ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠂ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ ᠵᠠᠩ ᠰᠢᠶᠤᠤ ᠬᠣᠩ ᠂ ᠠᠵᠢᠯᠲᠠᠨ ᠯᠢ ᠬᠠᠨ ᠫᠧᠩ ᠠᠷᠠᠳᠴᠢᠯᠠᠭᠰᠠᠨ ᠨᠠᠮ ᠪᠦᠯᠦᠭ ᠤᠨ ᠠᠯᠪᠠᠨ ᠭᠡᠷ ᠲᠦ ᠬᠦᠷᠴᠦ ᠬᠣᠶᠠᠳᠤᠭᠠᠷ ᠡᠭᠡᠯᠵᠢ ᠶᠢᠨ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ • ᠠᠷᠠᠳᠴᠢᠯᠠᠭᠰᠠᠨ ᠨᠠᠮ ᠪᠦᠯᠦᠭ ᠦᠨ ᠣᠶᠢᠯᠠᠯᠭ᠎ᠠ 》 ᠶᠢᠨ ᠨᠠᠢᠷᠠᠭᠤᠯᠬᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠳᠤ ᠣᠷᠣᠯᠴᠠᠪᠠ ᠃ ᠬᠤᠷᠠᠯ ᠢ ᠠᠷᠠᠳᠴᠢᠯᠠᠯ ᠢᠶᠠᠷ ᠤᠯᠤᠰ ᠪᠠᠢᠭᠤᠯᠬᠤ ᠬᠣᠷᠢᠶ᠎ᠠ ᠶᠢᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠳᠡᠳ᠋ ᠳᠠᠷᠤᠭ᠎ᠠ ᠺᠠᠩ ᠶᠦᠩ ᠡᠷᠬᠢᠯᠡᠵᠦ ᠂ ᠠᠷᠠᠳᠴᠢᠯᠠᠭᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠳᠡᠳ᠋ ᠳᠠᠷᠤᠭ᠎ᠠ ᠯᠢ ᠰᠢᠶᠠᠩ ᠾᠧ ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠳᠡᠳ᠋ ᠳᠠᠷᠤᠭ᠎ᠠ ᠡᠸ ᠰᠢᠶᠣᠤ ᠷᠦᠢ ᠵᠢᠴᠢ ᠳᠤᠮᠳᠠᠳᠤ ᠤᠯᠤᠰ ᠭᠣᠮᠢᠨᠳᠠᠩ ᠨᠠᠮ ᠤᠨ ᠬᠤᠪᠢᠰᠬᠠᠯᠲᠤ ᠬᠣᠷᠢᠶ᠎ᠠ ᠂ 《 9 • 3 》 ᠦ ᠡᠷᠳᠡᠮ ᠰᠢᠨᠵᠢᠯᠡᠭᠡᠨ ᠦ ᠨᠡᠶᠢᠭᠡᠮᠯᠢᠭ ᠂ ᠲᠠᠷᠢᠶᠠᠴᠢᠨ ᠠᠵᠢᠯᠴᠢᠨ ᠤ ᠨᠠᠮ ᠪᠣᠯᠤᠨ ᠠᠷᠠᠳᠴᠢᠯᠠᠭᠰᠠᠨ ᠨᠠᠮ ᠪᠦᠯᠦᠭ ᠦᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠭᠠᠵᠠᠷ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ ᠃ ᠬᠤᠷᠠᠯ ᠳᠡᠭᠡᠷ᠎ᠡ ᠂ ᠠᠷᠠᠳᠴᠢᠯᠠᠭᠰᠠᠨ ᠨᠠᠮ ᠪᠦᠯᠦᠭ ᠦᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠭᠠᠵᠠᠷ ᠵᠢᠴᠢ ᠡᠯ᠎ᠡ ᠠᠷᠠᠳᠴᠢᠯᠠᠭᠰᠠᠨ ᠨᠠᠮ ᠪᠦᠯᠦᠭ ᠦᠨ ᠬᠠᠮᠢᠶ᠎ᠠ ᠪᠦᠬᠦᠢ ᠠᠵᠢᠯᠲᠠᠨ 《 ᠠᠷᠠᠳᠴᠢᠯᠠᠭᠰᠠᠨ ᠨᠠᠮ ᠪᠦᠯᠦᠭ ᠦᠨ ᠣᠶᠢᠯᠠᠯᠭ᠎ᠠ 》 ᠶᠢᠨ ᠨᠠᠢᠷᠠᠭᠤᠯᠬᠤ ᠠᠵᠢᠯ ᠪᠠᠢᠳᠠᠯ ᠂ ᠣᠷᠣᠰᠢᠵᠤ ᠪᠠᠶᠭ᠎ᠠ ᠠᠰᠠᠭᠤᠳᠠᠯ ᠵᠢᠴᠢ ᠰᠢᠯᠲᠠᠭᠠᠨ ᠢ 2019 ᠣᠨ ᠦ 8 ᠳ᠋ᠤᠭᠠᠷ ᠰᠠᠷ᠎ᠠ ᠶᠢᠨ ᠰᠡᠭᠦᠯᠴ ᠨᠣᠣᠷᠠᠭ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠲᠦ ᠮᠡᠳᠡᠭᠦᠯᠦᠨ ᠬᠦᠷᠭᠡᠵᠦ ᠂ 2020 ᠣᠨ ᠤ ᠳᠡᠭᠡᠷ᠎ᠡ ᠬᠠᠭᠠᠰ ᠵᠢᠯ ᠳᠦ ᠬᠡᠪᠯᠡᠵᠦ ᠳᠠᠷᠤᠮᠠᠯᠯᠠᠬᠤ ᠶᠢ ᠪᠡᠶᠡᠯᠡᠭᠦᠯᠬᠦ ᠪᠡᠷ ᠲᠣᠭᠲᠠᠪᠠ ᠃