ᠵᠤᠬᠢᠶᠠᠭᠴᠢ:
ᠴᠠᠭ:2019-07-15
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠤ ︽ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠣᠸᠯ ᠰᠡᠳᠦᠪᠲᠦ ᠬᠥᠮᠦᠵᠢᠯ ᠦᠨ ᠲᠠᠪᠤᠳᠤᠭᠠᠷ ᠲᠣᠭᠤᠷᠢᠨ ᠵᠢᠯᠣᠭᠣᠳᠬᠤ ᠳᠤᠭᠤᠢᠯᠠᠩ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯ

2019 ᠣᠨ ᠤ 7 ᠳ᠋ᠤᠭᠠᠷ ᠰᠠᠷ᠎ᠠ ᠶᠢᠨ 5 ᠦ ᠡᠳᠦᠷ ᠂ ᠥᠪᠡᠷᠲᠡᠭᠡᠨ ᠵᠠᠰᠠᠬᠤ ᠣᠷᠣᠨ ᠤ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠲᠠᠪᠤᠳᠤᠭᠠᠷ ᠲᠣᠭᠤᠷᠢᠨ ᠵᠢᠯᠣᠭᠣᠳᠬᠤ ᠳᠤᠭᠤᠶᠢᠯᠠᠩ ᠤᠨ ᠳᠠᠷᠤᠭ᠎ᠠ ᠯᠢᠦ ᠪᠢᠶᠣᠤ ᠂ ᠭᠡᠰᠢᠭᠦᠨ ᠹᠧᠩ ᠵᠢᠨ ᠶᠦᠩ ᠨᠠᠷ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠲᠦ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠭᠠᠵᠠᠷ ᠤᠨ ᠳᠡᠳ᠋ ᠳᠠᠷᠤᠭ᠎ᠠ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠨᠠᠷ ᠤᠨ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠸᠯ ᠰᠡᠳᠦᠪᠲᠦ ᠬᠥᠮᠦᠵᠢᠯ ᠦᠷᠨᠢᠭᠦᠯᠦᠭᠰᠡᠨ ᠣᠯᠤᠯᠲᠠ ᠪᠠ ᠲᠤᠬᠠᠶᠢᠯᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠶᠡᠷᠦᠩᠬᠡᠶ ᠡᠭᠦᠷ ᠦᠨ ᠳᠡᠳ᠋ ᠱᠦᠵᠢ ᠂ ᠳᠡᠳ᠋ ᠡᠷᠬᠢᠯᠡᠭᠴᠢ ᠰᠢᠤ ᠹᠠᠩ ᠡᠴᠡ ᠧᠾ ᠪᠢᠶᠣᠣ ᠡᠷᠬᠢᠯᠡᠭᠴᠢ ᠶᠢᠨ ᠨᠠᠶᠢᠳᠠᠯᠭ᠎ᠠ ᠪᠠᠷ ᠤᠳᠤᠷᠢᠳᠬᠤ ᠪᠠᠭ ᠢᠶᠠᠨ ᠲᠦᠯᠦᠭᠡᠯᠡᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ 《 ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠸᠯ ᠰᠡᠳᠦᠪᠲᠦ ᠬᠥᠮᠦᠵᠢᠯ ᠥᠷᠨᠢᠭᠦᠯᠦᠭᠰᠡᠨ ᠪᠠᠶᠢᠳᠠᠯ ᠢᠶᠡᠨ ᠬᠠᠷᠢᠭᠤ ᠮᠡᠳᠡᠭᠦᠯᠪᠡ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠶᠡᠷᠦᠩᠬᠡᠶ ᠡᠭᠦᠷ ᠦᠨ ᠳᠡᠳ᠋ ᠱᠦᠵᠢ ᠂ ᠳᠡᠳ᠋ ᠡᠷᠬᠢᠯᠡᠭᠴᠢ ᠴᠠᠭᠠᠨᠯᠠᠩᠲᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠰᠢᠨᠵᠢ ᠴᠢᠨᠠᠷ ᠂ ᠡᠭᠦᠷᠭᠡ ᠴᠢᠳᠠᠪᠤᠷᠢ ᠂ ᠡᠭᠦᠷᠭᠡ ᠬᠠᠷᠢᠭᠤᠴᠠᠯᠭ᠎ᠠ ᠂ ᠡᠭᠦᠷᠭᠡᠯᠡᠵᠦ ᠪᠠᠶᠭ᠎ᠠ ᠭᠣᠸᠯ ᠠᠵᠢᠯ ᠵᠢᠴᠢ ᠲᠤᠯᠭᠠᠷᠠᠵᠤ ᠪᠠᠶᠢᠭ᠎ᠠ ᠭᠣᠸᠯ ᠠᠰᠠᠭᠤᠳᠠᠯ ᠵᠡᠷᠭᠡ ᠶᠢ ᠬᠠᠷᠢᠭᠤ ᠮᠡᠳᠡᠭᠦᠯᠪᠡ ᠃ ᠡᠯ᠎ᠡ ᠭᠠᠵᠠᠷ ᠭᠡᠷ ᠦᠨ ᠬᠠᠷᠢᠭᠤᠴᠠᠯᠭᠠᠲᠠᠳ ᠲᠤᠰ ᠲᠤᠰ ᠲᠤᠬᠠᠶᠢᠯᠠᠭᠰᠠᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ ᠃ ᠭᠠᠵᠠᠷ ᠤᠨ ᠳᠡᠳ᠋ ᠳᠠᠷᠤᠭ᠎ᠠ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠨᠠᠷ《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》ᠭᠣᠸᠯ ᠰᠡᠳᠦᠪᠲᠦ ᠬᠥᠮᠦᠵᠢᠯ ᠥᠷᠨᠢᠭᠦᠯᠦᠭᠰᠡᠨ ᠡᠴᠡ ᠨᠠᠰᠢᠬᠢ ᠰᠤᠷᠤᠯᠴᠠᠯᠭ᠎ᠠ ᠶᠢᠨ ᠣᠯᠤᠯᠲᠠ ᠪᠠ ᠲᠥᠷᠥᠭᠳᠡᠯ ᠢᠶᠡᠨ ᠬᠠᠷᠢᠭᠤ ᠮᠡᠳᠡᠭᠦᠯᠪᠡ ᠃