ᠵᠤᠬᠢᠶᠠᠭᠴᠢ:
ᠴᠠᠭ:2019-07-12
ᠥᠵᠡᠭᠰᠡᠨ : ℃
ᠢᠷᠡᠯᠲᠡ:
ᠪᠦᠬᠦ ᠤᠯᠤᠰ ᠤᠨ ᠦᠨᠳᠦᠰᠦᠲᠡᠨ ᠦ ᠭᠠᠵᠠᠷ ᠣᠷᠣᠨ ᠤ ᠣᠶᠢᠯᠠᠯᠭ᠎ᠠ ᠨᠠᠶᠢᠷᠠᠭᠤᠯᠬᠤ ᠪᠣᠯᠪᠠᠰᠤᠷᠠᠭᠤᠯᠤᠯ ᠢ ᠰᠢᠨᠢᠩ ᠳᠦ ᠡᠷᠬᠢᠯᠡᠪᠡ

2019 ᠣᠨ ᠤ 6 ᠳ᠋ᠤᠭᠠᠷ ᠰᠠᠷ᠎ᠠ ᠶᠢᠨ 24 ~ 28 ᠦ ᠡᠳᠦᠷ ᠪᠣᠯᠲᠠᠯ᠎ᠠ ᠂ ᠪᠥᠬᠥ ᠤᠯᠤᠰ ᠤᠨ ᠦᠨᠳᠦᠰᠦᠲᠡᠨ ᠦ ᠭᠠᠵᠠᠷ ᠣᠷᠣᠨ ᠤ ᠣᠶᠢᠯᠠᠯᠭ᠎ᠠ ᠨᠠᠶᠢᠷᠠᠭᠤᠯᠬᠤ ᠪᠣᠯᠪᠠᠰᠤᠷᠠᠭᠤᠯᠤᠯ ᠬᠥᠬᠡᠨᠠᠭᠤᠷ ᠤᠨ ᠰᠢᠨᠢᠩ ᠳᠦ ᠶᠠᠪᠤᠭᠳᠠᠪᠠ ᠃ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠢᠯᠠᠩ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠭᠤᠤ ᠵᠢᠩ ᠵᠠᠢ ᠪᠣᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠂ ᠵᠠᠬᠢᠳᠠᠯ ᠤᠨ ᠬᠡᠯᠪᠡᠷᠢ ᠪᠡᠷ ᠪᠣᠯᠪᠠᠰᠤᠷᠠᠭᠤᠯᠤᠯ ᠤᠨ ᠠᠩᠭᠢ ᠶᠢᠨ ᠤᠷᠤᠭᠰᠢᠲᠠᠢ ᠲᠡᠭᠦᠰᠦᠭᠰᠡᠨ ᠳᠦ ᠪᠠᠶᠠᠷ ᠬᠦᠷᠭᠡᠪᠡ ᠃ ᠬᠦᠬᠡᠨᠠᠭᠤᠷ ᠮᠤᠵᠢ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠦᠨ ᠳᠠᠷᠤᠭ᠎ᠠ ᠠᠨ ᠬᠠᠢ ᠵᠢᠶᠦ᠋ᠨ ᠪᠣᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ ᠃ ᠬᠦᠬᠡᠨᠠᠭᠤᠷ ᠮᠤᠵᠢ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠶᠠᠩ ᠰᠦᠩ ᠢ ᠪᠣᠯᠪᠠᠰᠤᠷᠠᠭᠤᠯᠤᠯ ᠡᠬᠢᠯᠡᠬᠦ ᠶᠣᠰᠣᠯᠠᠯ ᠢ ᠡᠷᠬᠢᠯᠡᠵᠦ ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠳᠡᠳ᠋ ᠡᠷᠬᠢᠯᠡᠭᠴᠢ ᠯᠢᠶᠣᠤ ᠶᠦᠨ ᠵᠢᠶᠠᠨ ᠂ ᠨᠢᠩᠰᠢᠶᠠ ᠶᠢᠨ ᠬᠣᠲᠣᠩ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠯᠢ ᠶᠢᠦ ᠴᠢᠶᠠᠩ ᠂ ᠳᠤᠮᠳᠠᠳᠤ ᠤᠯᠤᠰ ᠡᠪ ᠬᠠᠮᠲᠤ ᠨᠠᠮ ᠤᠨ ᠬᠥᠬᠡᠨᠠᠭᠤᠷ ᠮᠤᠵᠢ ᠶᠢᠨ ᠬᠣᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠮᠠ ᠬᠣᠩ ᠪᠥᠸᠧ ᠨᠡᠷ ᠪᠣᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠪᠠ ᠃