ᠵᠤᠬᠢᠶᠠᠭᠴᠢ:
ᠴᠠᠭ:2019-07-01
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠣᠷᠣᠨ ᠠᠯᠪᠠᠨ ᠳᠡᠳ᠋ ᠡᠷᠬᠢᠯᠡᠭᠴᠢ ᠮᠸᠩ ᠰᠢᠤ ᠹᠠᠩ ᠥᠪᠡᠷᠲᠡᠭᠡᠨ ᠵᠠᠰᠠᠬᠤ ᠣᠷᠣᠨ ᠰᠣᠶᠣᠯ ᠪᠠ ᠲᠢᠩᠬᠢᠮ ᠬᠦᠷᠴᠦ ᠬᠣᠶᠠᠳᠤᠭᠠᠷ ᠡᠭᠡᠯᠵᠢ ᠨᠠᠢᠷᠠᠭᠤᠯᠬᠤ
2019 ᠣᠨ ᠤ 6 ᠳ᠋ᠤᠭᠠᠷ ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠳᠡᠳ᠋ ᠡᠷᠬᠢᠯᠡᠭᠴᠢ ᠮᠸᠩ ᠰᠢᠤ ᠹᠠᠩ ᠂ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠠᠷᠤᠭ᠎ᠠ ᠵᠠᠩ ᠰᠢᠶᠣᠤ ᠬᠣᠩ ᠂ ᠪᠠᠢᠳᠠᠯ ᠤᠨ ᠮᠠᠲ᠋ᠧᠷᠢᠶᠠᠯ ᠤᠨ ᠭᠠᠵᠠᠷ ᠤᠨ ᠳᠡᠳ᠋ ᠳᠠᠷᠤᠭ᠎ᠠ ᠪᠢᠩ ᠱᠤᠸᠠᠩ ᠂ ᠳᠡᠳ᠋ ᠹᠦ᠋ ᠷᠦᠩ ᠂ ᠭᠡᠰᠢᠭᠦᠴᠢ ᠶᠢᠩ ᠴᠦᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠦ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠢᠯᠠᠯᠭ᠎ᠠ ᠶᠢᠨ ᠰᠣᠶᠣᠯ ᠤᠨ 》 ᠪᠠᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠴᠠᠶ ᠃︵ ᠳᠣᠷᠣᠭᠰᠢ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠢᠯᠠᠯᠭ᠎ᠠ ᠶᠢᠨ ᠰᠣᠶᠣᠯ ᠤᠨ》 ᠢ 《 ᠰᠣᠶᠣᠯ ᠤᠨ 》᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠶᠢᠨ ᠵᠢᠭᠤᠯᠴᠢᠯᠠᠯ ᠤᠨ 》 ᠢ 《 ᠵᠢᠭᠤᠯᠴᠢᠯᠠᠯ ᠤᠨ》 ᠭᠡᠵᠦ ᠲᠣᠪᠴᠢᠯᠠᠨ᠎ᠠ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠭᠣᠷᠢᠨ ᠪᠠᠶᠢᠴᠠᠭᠠᠭᠴᠢ ᠯᠢ ᠬᠣᠩ ᠶᠢᠩ ᠂ ᠠᠯᠪᠠᠨ ᠭᠡᠷ ᠦᠨ ᠬᠠᠷᠢᠭᠤᠴᠠᠯᠭᠠᠲᠠᠨ ᠭᠤᠤ ᠮᠢᠩ ᠪᠥᠸᠧ ᠂ ᠵᠢᠭᠤᠯᠴᠢᠯᠠᠯ ᠤᠨ ᠠᠵᠤ ᠦᠢᠯᠡᠰ ᠦᠨ ᠰᠤᠳᠤᠯᠤᠨ ᠨᠡᠭᠡᠭᠡᠬᠦ ᠲᠥᠪ ᠦᠨ ᠡᠷᠬᠢᠯᠡᠭᠴᠢ ᠰᠦ ᠳᠠᠩ ᠂ 《 ᠰᠣᠶᠣᠯ ᠤᠨ 》 ᠳᠡᠳ᠋ ᠨᠠᠶᠢᠷᠠᠭᠤᠯᠤᠭᠴᠢ ᠯᠢᠦ ᠰᠢᠨ ᠾᠧ ᠂ 《 ᠵᠢᠭᠤᠯᠴᠢᠯᠠᠯ ᠤᠨ 》 ᠳᠡᠳ᠋ ᠨᠠᠶᠢᠷᠠᠭᠤᠯᠤᠭᠴᠢ ᠯᠢᠶᠠᠨ ᠳ᠋ᠦᠩ ᠰᠢᠶᠠᠨ ᠂ 《ᠰᠣᠶᠣᠯ ᠤᠨ 》 ᠶᠢᠨ ᠨᠠᠶᠢᠷᠠᠭᠤᠯᠬᠤ ᠬᠡᠯᠲᠡᠰ ᠦᠨ ᠨᠠᠶᠢᠷᠠᠭᠤᠯᠤᠭᠴᠢ ᠸᠠᠩ ᠽᠦᠸᠧ ᠵᠧᠩ ᠂ ᠸᠠᠩ ᠯᠦ ᠬᠤᠷᠠᠯ ᠳᠤ ᠣᠷᠣᠯᠴᠠᠪᠠ ᠃

ᠬᠤᠷᠠᠯ ᠳᠡᠭᠡᠷ᠎ᠡ ᠂ ᠯᠢᠦ ᠰᠢᠨ ᠾᠧ ᠪᠣᠯᠣᠨ ᠯᠢᠶᠠᠨ ᠳ᠋ᠦᠩ ᠰᠢᠶᠠᠨ ᠲᠤᠰ ᠲᠤᠰ 《 ᠰᠣᠶᠣᠯ ᠤᠨ 》 ᠂ 《 ᠵᠢᠭᠤᠯᠴᠢᠯᠠᠯ ᠤᠨ 》 ᠶᠢᠨᠵᠢᠴᠢ ᠪᠣᠳᠠᠲᠠᠢ ᠠᠵᠢᠯ ᠤᠨ ᠳᠤᠮᠳᠠ ᠲᠤᠯᠭᠠᠷᠠᠵᠤ ᠠᠰᠠᠭᠤᠳᠠᠯ ᠢ ᠲᠠᠨᠢᠯᠴᠠᠭᠤᠯᠪᠠ ᠃ ᠣᠳᠣᠬᠠᠨ ᠳᠤ ᠂ 《 ᠰᠣᠶᠣᠯ ᠤᠨ 》 ᠶᠢᠨ ᠡᠬᠡ ᠨᠣᠣᠷᠠᠭ ᠢ ᠦᠨᠳᠦᠰᠦᠨ ᠳᠡᠭᠡᠨ ᠪᠢᠴᠢᠵᠦ ᠂ ᠵᠢᠯ ᠦᠨ ᠡᠴᠦᠰ ᠡᠴᠡ ᠡᠮᠦᠨ᠎ᠡ ᠬᠢᠨᠠᠨ ᠳᠠᠭᠤᠰᠬᠠᠬᠤ ᠃ 《 ᠵᠢᠭᠤᠯᠴᠢᠯᠠᠯ ᠤᠨ》 ᠶᠢᠨ ᠮᠠᠲ᠋ᠧᠷᠢᠶᠠᠯ ᠢ ᠴᠤᠭᠯᠠᠭᠤᠯᠬᠤ ᠠᠵᠢᠯ ᠳᠠᠭᠤᠰᠬᠤ ᠰᠢᠬᠠᠵᠤ ᠂ ᠵᠢᠯ ᠦᠨ ᠡᠴᠦᠰ ᠡᠴᠡ ᠡᠮᠦᠨ᠎ᠡ ᠡᠬᠡ ᠨᠣᠣᠷᠠᠭ ᠪᠠᠷ ᠃ ᠮᠸᠩ ᠰᠢᠤ ᠹᠠᠩ ᠡᠩ ᠲᠡᠷᠢᠭᠦᠨ ᠳᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠶᠢᠨ ᠬᠣᠶᠠᠳᠤᠭᠠᠷ ᠡᠭᠡᠯᠵᠢ ᠶᠢᠨ ᠠᠵᠢᠯ ᠤᠨ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠨᠤᠲᠠᠯᠠᠵᠤ ᠂ ᠲᠢᠩᠬᠢᠮ ᠤᠨ ᠤᠳᠤᠷᠢᠳᠤᠯᠭ᠎ᠠ ᠶᠢᠨ ᠠᠵᠢᠯᠲᠠᠨ ᠂ ᠵᠠᠷᠤᠳᠠᠯ ᠂ ᠨᠥᠬᠥᠴᠡᠯ ᠵᠡᠷᠭᠡ ᠲᠠᠯ᠎ᠠ ᠪᠠᠷ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠨᠠᠢᠷᠠᠭᠤᠯᠤᠨ ᠪᠢᠴᠢᠬᠦ ᠠᠵᠢᠯᠲᠠᠨ ᠤ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠢᠩᠬᠢᠮ ᠤᠨ ᠤᠳᠤᠷᠢᠳᠤᠯᠭ᠎ᠠ ᠥᠩᠭᠡᠷᠡᠭᠰᠡᠨ ᠲᠡᠶ ᠠᠳᠠᠯᠢ ᠪᠠᠷ ᠤᠳᠤᠷᠢᠳᠤᠯᠭ᠎ᠠ ᠪᠠᠨ ᠴᠢᠩᠭᠠᠳᠬᠠᠵᠤ ᠂ ᠠᠷᠭ᠎ᠠ ᠬᠡᠮᠵᠢᠶ᠎ᠡ ᠪᠡᠨ ᠴᠢᠩᠭᠠᠷᠠᠭᠤᠯᠤᠨ ᠂ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠠᠵᠢᠯ ᠤᠨ ᠬᠤᠭᠤᠴᠠᠭ᠎ᠠ ᠶᠢ ᠲᠣᠩᠭᠣᠷᠤᠭᠤᠯᠤᠨ ᠵᠢᠭᠰᠠᠭᠠᠵᠤ ᠂ 2019 ᠣᠨ ᠤ ᠡᠴᠦᠰ ᠲᠦ ᠡᠬᠡ ᠨᠣᠣᠷᠠᠭ ᠢ ᠬᠢᠨᠠᠨ ᠂ 2020 ᠣᠨ ᠤ ᠳᠡᠭᠡᠷ᠎ᠡ ᠬᠠᠭᠠᠰ ᠵᠢᠯ ᠳᠦ ᠰᠢᠯᠭᠠᠨ ᠠᠪᠴᠤ ᠬᠡᠪᠯᠡᠭᠦᠯᠬᠦ ᠶᠢ ᠬᠦᠰᠡᠵᠦ ᠪᠠᠢᠨ᠎ᠠ ᠃ ᠯᠢ ᠬᠣᠩ ᠶᠢᠩ ᠵᠢᠭᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠮᠠᠰᠢ ᠴᠢᠬᠤᠯᠠ ᠂ ᠲᠢᠩᠬᠢᠮ ᠤᠨ ᠤᠳᠤᠷᠢᠳᠤᠯᠭ᠎ᠠ 《 ᠰᠣᠶᠣᠯ ᠤᠨ 》 《 ᠵᠢᠭᠤᠯᠴᠢᠯᠠᠯ ᠤᠨ 》 ᠨᠠᠶᠢᠷᠠᠭᠤᠯᠬᠤ ᠠᠵᠢᠯ ᠢ ᠳᠡᠭᠡᠲᠦ ᠬᠡᠮᠵᠢᠶ᠎ᠡ ᠪᠡᠷ ᠴᠢᠬᠤᠯᠠᠴᠢᠯᠠᠵᠤ ᠂ ᠬᠥᠮᠦᠨ ᠦ ᠬᠦᠴᠦᠨ ᠂ ᠪᠣᠳᠠᠰ ᠤᠨ ᠬᠦᠴᠦᠨ ᠂ ᠡᠳ᠋ ᠦᠨ ᠬᠦᠴᠦᠨ ᠦ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ ᠣᠯᠭᠣᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠨᠠᠢᠷᠠᠭᠤᠯᠤᠨ ᠬᠡᠪᠯᠡᠭᠦᠯᠬᠦ ᠡᠭᠦᠷᠭᠡ ᠶᠢ ᠵᠠᠪᠠᠯ ᠪᠡᠶᠡᠯᠡᠭᠦᠯᠦᠨ᠎ᠡ ᠃ ᠵᠠᠩ ᠰᠢᠶᠣᠤ ᠬᠣᠩ ᠂ ᠪᠢᠩ ᠱᠤᠸᠠᠩ ᠂ ᠹᠦ᠋ ᠷᠦᠩ ᠂ ᠴᠢ ᠶᠢᠩ ᠴᠦᠨ 《 ᠰᠣᠶᠣᠯ ᠤᠨ 》 ᠂ ᠲᠣᠶᠢᠮᠣ ᠲᠣᠭᠠᠴᠢᠯᠲᠠ ᠂ ᠶᠡᠬᠡ ᠬᠡᠷᠡᠭ ᠶᠠᠪᠤᠳᠠᠯ ᠤᠨ ᠲᠡᠮᠳᠡᠭᠯᠡᠯ ᠂ ᠵᠡᠷᠭᠡ ᠲᠤᠬᠠᠶ ᠶᠢᠨ ᠲᠠᠯᠠᠪᠤᠷ ᠵᠢᠯᠣᠭᠣᠳᠣᠯᠭ᠎ᠠ