ᠵᠤᠬᠢᠶᠠᠭᠴᠢ:
ᠴᠠᠭ:2019-07-01
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠣᠷᠣᠨ ᠣᠶᠢᠯᠠᠯᠭ᠎ᠠ ᠠᠯᠪᠠᠨ ᠭᠡᠷ ᠣᠷᠣᠨ ᠣᠶᠢᠯᠠᠯᠭ᠎ᠠ ᠠᠯᠪᠠᠨ ᠭᠡᠷ ᠲᠦ ᠬᠦᠷᠴᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠢᠴᠠᠭᠠᠨ
2019 ᠣᠨ ᠤ 6 ᠳ᠋ᠤᠭᠠᠷ ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠨᠠᠮ ᠤᠨ ᠶᠡᠷᠦᠩᠬᠡᠶ ᠡᠭᠦᠷ ᠠᠴᠠ ᠣᠷᠣᠨ ᠤ ᠤᠨ ᠤᠨ ᠭᠠᠵᠠᠷ ᠤᠨ ᠨᠠᠮ ᠤᠨ ᠡᠭᠦᠷ ᠢ ᠬᠦᠬᠡᠬᠣᠲᠠ ᠶᠢᠨ ᠨᠠᠮ ᠤᠨ ᠲᠡᠤᠬᠡ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠂ ᠬᠦᠬᠡᠬᠣᠲᠠ ᠶᠢᠨ ᠴᠤᠸᠠᠨ ᠰᠢᠩ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ ᠳᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠂ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠸᠯ ᠶᠢᠨ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠤᠨ ᠮᠠᠲ᠋ᠧᠷᠢᠶᠠᠯ ᠤᠨ ᠭᠠᠵᠠᠷ ᠤᠨ ᠬᠠᠷᠢᠭᠤᠴᠠᠯᠭᠠᠲᠠᠨ ᠪᠢᠩ ᠱᠤᠸᠠᠩ ᠂ ᠬᠦᠬᠡᠬᠣᠲᠠ ᠶᠢᠨ ᠨᠠᠮ ᠤᠨ ᠲᠡᠤᠬᠡ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠦᠨ ᠡᠷᠬᠢᠯᠡᠭᠴᠢ ᠸᠠᠩ ᠵᠢᠶᠦ᠋ᠨ ᠂ ᠳᠡᠳ᠋ ᠡᠷᠬᠢᠯᠡᠭᠴᠢ ᠶᠦᠩ ᠵᠢᠴᠢ ᠪᠥᠬᠥ ᠺᠠᠳ᠋ᠷ ᠂ ᠬᠦᠬᠡᠬᠣᠲᠠ ᠶᠢᠨ ᠴᠤᠸᠠᠨ ᠰᠢᠩ ᠰᠢᠨᠵᠢᠯᠡᠬᠦ ᠤᠬᠠᠭᠠᠨ ᠮᠡᠷᠭᠡᠵᠢᠯ ᠦᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠣᠣ ᠭᠦᠸᠧ ᠴᠦᠨ ᠶᠠᠷᠢᠯᠴᠠᠬᠤ ᠬᠤᠷᠠᠯ ᠳᠤ ᠣᠷᠣᠯᠴᠠᠪᠠ ᠃
ᠪᠢᠩ ᠱᠤᠸᠠᠩ ᠶᠠᠷᠢᠯᠴᠠᠬᠤ ᠬᠤᠷᠠᠯ ᠳᠡᠭᠡᠷ᠎ᠡ ᠵᠢᠭᠠᠵᠤ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ 《 ᠤᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠶᠢᠨ ᠬᠥᠮᠦᠵᠢᠯ ᠦᠢᠯᠡᠳᠦᠯᠭᠡ ᠶᠡᠬᠡ ᠰᠤᠷᠤᠯᠴᠠᠯᠭ᠎ᠠ ᠶᠡᠬᠡ ᠶᠠᠷᠢᠯᠴᠠᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠤ᠂ ᠣᠷᠣᠨ ᠨᠤᠲᠤᠭ ᠤᠨ ᠣᠶᠢᠯᠠᠯᠭ᠎ᠠ ᠶᠢᠨ ᠭᠣᠣᠯ ᠂ ᠣᠷᠣᠨ ᠨᠤᠲᠤᠭ ᠤᠨ ᠣᠶᠢᠯᠠᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ ᠪᠠ ᠣᠷᠣᠨ ᠤ ᠪᠠᠢᠳᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠢᠴᠠᠭᠠᠨ ᠰᠤᠳᠤᠯᠤᠯᠲᠠ ᠶᠢ ᠥᠷᠨᠢᠭᠦᠯᠵᠦ ᠪᠠᠶᠭ᠎ᠠ ᠨᠢ ᠳᠠᠷᠤᠢ ᠶᠡᠷᠦᠩᠬᠡᠢ ᠱᠦᠵᠢ ᠰᠢ ᠶᠢᠨ ᠫᠢᠩ ᠦᠨ ᠥᠪᠥᠷ ᠮᠣᠩᠭᠣᠯ ᠳᠤ ᠲᠠᠯᠪᠢᠭᠰᠠᠨ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠩ ᠰᠠᠶᠢᠲᠤᠷ ᠣᠷᠣᠨ ᠨᠤᠲᠤᠭ ᠤᠨ ᠣᠶᠢᠯᠠᠯᠭ᠎ᠠ ᠶᠢᠨ ᠦᠢᠯᠡᠰ ᠦᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠲᠦᠯᠬᠢᠨ ᠠᠬᠢᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ ᠳᠤ ᠣᠷᠣᠰᠢᠵᠤ ᠪᠠᠶᠭ᠎ᠠ ᠬᠦᠴᠢᠷᠳᠡᠯ ᠢ ᠨᠠᠩ ᠰᠠᠶᠢᠲᠤᠷ ᠢᠯᠠᠨ ᠳᠠᠪᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ 《 ᠲᠡᠤᠬᠡ ᠶᠢ ᠂ ᠵᠠᠰᠠᠭ ᠂ 》 ᠨᠡᠢᠭᠡᠮ ᠦᠨ ᠴᠢᠳᠠᠮᠵᠢ ᠵᠢᠴᠢ ᠣᠷᠣᠨ ᠨᠤᠲᠤᠭ ᠤᠨ ᠣᠶᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠃

ᠸᠠᠩ ᠵᠢᠶᠦ᠋ᠨ ᠪᠣᠯᠤᠨ ᠵᠤᠤ ᠭᠦᠸᠧ ᠴᠦᠨ ᠶᠠᠷᠢᠯᠴᠠᠬᠤ ᠬᠤᠷᠠᠯ ᠳᠡᠭᠡᠷ᠎ᠡ ᠬᠦᠬᠡᠬᠣᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠢᠳᠠᠯ ᠪᠣᠯᠤᠨ ᠣᠷᠣᠰᠢᠵᠤ ᠪᠠᠶᠭ᠎ᠠ ᠠᠰᠠᠭᠤᠳᠠᠯ ᠵᠢᠴᠢ ᠣᠷᠣᠨ ᠨᠤᠲᠤᠭ ᠤᠨ ᠣᠢᠯᠠᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠯ᠎ᠠ ᠪᠠᠷ ᠣᠯᠤᠭᠰᠠᠨ ᠠᠵᠢᠯ ᠤᠨ ᠠᠮᠵᠢᠯᠲᠠ ᠲᠠᠨᠢᠯᠴᠠᠭᠤᠯᠪᠠ ᠃ ᠣᠯᠠᠨ ᠢᠶᠠᠷ ᠢᠶᠠᠨ ᠂ 《 ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ ᠂ ᠪᠦᠬᠦ ᠦᠨᠳᠦᠰᠦᠲᠡᠨ ᠨᠦᠭᠦᠳ ᠦᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠬᠡ ᠬᠦᠰᠡᠯ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠬᠦ 》 ᠡᠨᠡ ᠬᠦ ᠦᠨᠳᠦᠰᠦᠨ ᠡᠭᠦᠷᠭᠡ ᠶᠢ ᠪᠠᠲᠤ 《 ᠣᠯᠤᠯᠲᠠ ᠲᠠᠶ ᠂ ᠦᠵᠡᠯ ᠰᠠᠨᠠᠭ᠎ᠠ ᠤᠯᠤᠰ ᠲᠥᠷᠥ ᠪᠣᠯᠪᠠᠰᠤᠷᠠᠯ ᠂ ᠠᠵᠢᠯ ᠬᠢᠵᠦ ᠦᠢᠯᠡᠰ ᠪᠣᠰᠬᠠᠬᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠠᠷᠠᠳ ᠳᠦ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠂ ᠠᠷᠢᠭᠤᠨ ᠴᠢᠬᠡᠴᠢ ᠬᠡᠪ ᠳᠠᠭᠤᠷᠢᠶᠠᠯ 》 ᠪᠣᠳᠠᠲᠠᠢ ᠬᠠᠷᠠᠯᠲᠠ ᠶᠢ ᠦᠨᠡᠨᠬᠦ ᠂ ᠪᠠ ᠪᠠᠢᠴᠠᠭᠠᠨ ᠰᠤᠳᠤᠯᠤᠯᠲᠠ ᠬᠢᠬᠦ ᠶᠢ ᠢᠳᠡᠪᠬᠢᠲᠡᠢ ᠥᠷᠨᠢᠭᠦᠯᠵᠦ ᠂ ᠣᠷᠣᠨ ᠨᠤᠲᠤᠭ ᠤᠨ ᠣᠶᠢᠯᠠᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠯ ᠨᠢᠭᠡᠲᠡᠢ ᠃