ᠵᠤᠬᠢᠶᠠᠭᠴᠢ:
ᠴᠠᠭ:2019-10-30
ᠥᠵᠡᠭᠰᠡᠨ : ℃
ᠢᠷᠡᠯᠲᠡ:
ᠳᠤᠮᠳᠠᠳᠤ ᠤᠯᠤᠰ ᠣᠷᠣᠨ ᠨᠤᠲᠤᠭ ᠣᠶᠢᠯᠠᠯᠭ᠎ᠠ ᠵᠢᠯᠣᠭᠣᠳᠬᠤ ᠳᠤᠭᠤᠢᠯᠠᠩ ᠠᠯᠪᠠᠨ ᠭᠡᠷ ᠤᠳᠤᠷᠢᠳᠤᠯᠭ᠎ᠠ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠳᠤ ᠬᠦᠷᠴᠦ ᠣᠷᠣᠨ ᠨᠤᠲᠤᠭ ᠣᠶᠢᠯᠠᠯᠭ᠎ᠠ ᠠᠵᠢᠯ ᠰᠤᠳᠤᠯᠵᠤ
2019 ᠣᠨ 10 ᠳ᠋ᠤᠭᠠᠷ ᠰᠠᠷ᠎ᠠ 22 — 26 ᠡᠳᠦᠷ ᠂ ᠳᠤᠮᠳᠠᠳᠤ ᠤᠯᠤᠰ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠠᠯᠪᠠᠨ ᠭᠡᠷ ᠦᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ 4 ᠬᠥᠮᠦᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠂ ᠬᠣᠶᠠᠷ ᠪᠡᠶᠡᠯᠡᠭᠦᠯᠦᠭᠰᠡᠨ ᠪᠠᠶᠢᠳᠠᠯ ᠲᠠᠶ ᠰᠢᠮᠳᠠᠭᠤᠯᠤᠨ ᠪᠠᠶᠢᠴᠠᠭᠠᠪᠠ ᠃
ᠰᠤᠳᠤᠯᠬᠤ ᠳᠤᠭᠤᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠣᠩ ᠹᠠᠨ ᠲᠠᠶ ᠰᠠᠨᠠᠯ ᠢᠶᠠᠨ ᠰᠣᠯᠢᠯᠴᠠᠵᠤ ᠂ ᠪᠦᠬᠦ ᠣᠷᠣᠨ ᠤ ᠣᠷᠣᠨ ᠨᠤᠲᠤᠭ ᠤᠨ ᠣᠶᠢᠯᠠᠯᠭ᠎ᠠ ᠬᠣᠶᠠᠷ ᠬᠠᠷᠠᠯᠲᠠ ᠪᠣᠭᠣᠮᠲᠠ ᠰᠢᠪᠲᠤᠯᠬᠤ ᠶᠢ ᠠᠬᠢᠭᠤᠯᠬᠤ ᠲᠤᠬᠠᠶ ᠰᠠᠨᠠᠯ ᠰᠣᠯᠢᠯᠴᠠᠵᠠᠶ ᠃ ᠳᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠲᠦ ᠭᠦᠨᠵᠡᠭᠡᠶᠢᠷᠡᠨ ᠺᠠᠳ᠋ᠷ ᠠᠵᠢᠯᠲᠠᠨ ᠢ ᠪᠣᠯᠭᠣᠭᠠᠨ ᠲᠣᠬᠣᠨᠢᠭᠤᠯᠵᠤ ᠂ ᠥᠪᠥᠷ ᠮᠣᠩᠭᠣᠯ ᠤᠨ ᠣᠷᠣᠨ ᠨᠤᠲᠤᠭ ᠤᠨ ᠣᠶᠢᠯᠠᠯᠭ᠎ᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠪᠠ ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠣᠵᠢᠳ ᠤᠯᠠᠭᠠᠨᠴᠠᠪ ᠬᠣᠲᠠ ᠂ ᠣᠷᠳᠣᠰ ᠬᠣᠲᠠ ᠳᠤ ᠪᠠᠶᠢᠴᠠᠭᠠᠨ ᠰᠤᠳᠤᠯᠤᠯᠲᠠ ᠬᠢᠵᠦ ᠂ ᠴᠠᠬᠠᠷ ᠪᠠᠷᠠᠭᠤᠨ ᠭᠠᠷᠤᠨ ᠂ ᠯᠢᠶᠠᠩᠴᠧᠩ ᠰᠢᠶᠠᠨ ᠂ ᠬᠣᠰᠢᠭᠤᠨ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠬᠠᠷᠢᠭᠤ ᠮᠡᠳᠡᠭᠦᠯᠦᠯᠲᠡ ᠰᠣᠨᠣᠰᠬᠤ ᠂ ᠶᠠᠷᠢᠯᠴᠠᠨ ᠰᠣᠯᠢᠯᠴᠠᠬᠤ ᠂ ᠲᠤᠬᠠᠶ ᠶᠢᠨ ᠲᠠᠯᠠᠪᠠᠢ ᠳᠤ ᠰᠤᠷᠤᠯᠴᠠᠬᠤ ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠡᠷ ᠂ ᠬᠣᠶᠠᠷ ᠬᠠᠷᠠᠯᠲᠠ ᠪᠡᠶᠡᠯᠡᠭᠦᠯᠦᠭᠰᠡᠨ ᠂ ᠣᠷᠣᠰᠢᠵᠤ ᠠᠰᠠᠭᠤᠳᠠᠯ ᠪᠠ ᠬᠦᠴᠢᠷᠳᠡᠯ ᠢ ᠪᠥᠬᠥ ᠲᠠᠯ᠎ᠠ ᠪᠠᠷ ᠡᠵᠡᠮᠰᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ ᠃
ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠡᠷᠬᠢᠯᠡᠭᠴᠢ ᠾᠧ ᠪᠢᠶᠣᠤ ᠂ ᠳᠡᠳ᠋ ᠡᠷᠬᠢᠯᠡᠭᠴᠢ ᠵᠢᠴᠢ ᠠᠶᠢᠮᠠᠭ ᠬᠣᠲᠠ ᠶᠢᠨ ᠪᠦᠬᠦᠢ ᠬᠥᠮᠦᠰ ᠪᠦᠬᠦᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠃