ᠵᠤᠬᠢᠶᠠᠭᠴᠢ:
ᠴᠠᠭ:2019-10-19
ᠥᠵᠡᠭᠰᠡᠨ : ℃
ᠢᠷᠡᠯᠲᠡ:
ᠥᠪᠡᠷᠲᠡᠭᠡᠨ ᠵᠠᠰᠠᠬᠤ ᠣᠷᠣᠨ ᠣᠷᠣᠨ ᠨᠤᠲᠤᠭ ᠣᠶᠢᠯᠠᠯᠭ᠎ᠠ ᠠᠯᠪᠠᠨ ᠭᠡᠷ ᠪᠣᠭᠣᠮᠲᠠ ᠰᠢᠪᠲᠤᠯᠬᠤ ᠬᠣᠶᠠᠳᠤᠭᠠᠷ ᠲᠤᠰᠬᠠᠶ ᠳᠤᠭᠤᠢᠯᠠᠩ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ
2019 ᠣᠨ 10 ᠳ᠋ᠤᠭᠠᠷ ᠰᠠᠷ᠎ᠠ 17 ᠡᠳᠦᠷ ᠦᠳᠡ ᠬᠣᠶᠢᠨᠠ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠤᠨ ᠭᠠᠵᠠᠷ ᠤᠨ ᠳᠡᠳ᠋ ᠳᠠᠷᠤᠭ᠎ᠠ ᠂ ᠬᠣᠶᠠᠳᠤᠭᠠᠷ ᠲᠤᠰᠬᠠᠶ ᠳᠤᠭᠤᠶᠢᠯᠠᠩ ᠤᠨ ᠳᠠᠷᠤᠭ᠎ᠠ ᠮᠸᠩ ᠭᠦᠸᠧ ᠷᠦᠩ ᠂ ᠾᠧ ᠰᠢᠶᠣᠤ ᠸᠧᠶ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠣᠪᠴᠢᠶ᠎ᠠ ᠳᠤ ᠬᠦᠷᠴᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠠᠮᠤ ᠪᠤᠳᠠᠭᠠᠨ ᠤ ᠣᠶᠢᠯᠠᠯᠭ᠎ᠠ 1988 ︱ 2000 ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠣᠳᠪᠠ ᠃ ᠠᠮᠤ ᠪᠤᠳᠠᠭᠠᠨ ᠤ ᠺᠣᠮᠢᠰ ᠤᠨ ᠠᠯᠪᠠᠨ ᠭᠡᠷ ᠦᠨ ᠡᠷᠬᠢᠯᠡᠭᠴᠢ ᠴᠧᠨ ᠸᠸᠨ ᠺᠦᠶ ᠠᠮᠤ ᠪᠤᠳᠠᠭᠠᠨ ᠤ ᠪᠠᠶᠢᠳᠠᠯ ᠬᠠᠷᠢᠭᠤ ᠮᠡᠳᠡᠭᠦᠯᠪᠡ ᠃ ᠣᠳᠣᠬᠠᠨ ᠳᠤ ᠂ ᠠᠮᠤ ᠪᠤᠳᠠᠭᠠᠨ ᠤ ᠨᠢ 40 ᠦᠰᠦᠭ ᠨᠣᠣᠷᠠᠭ ᠢ ᠨᠠᠶᠢᠷᠠᠭᠤᠯᠤᠨ ᠂ ᠬᠡᠷᠡᠭ ᠲᠡᠮᠳᠡᠭᠯᠡᠯ ᠪᠠ ᠵᠢᠷᠤᠭ ᠵᠡᠷᠭᠡ ᠡᠮᠬᠢᠯᠡᠵᠦ ᠪᠣᠶ ᠃
11 ᠰᠠᠷ᠎ᠠ ᠰᠡᠭᠦᠯᠴᠢ ᠪᠡᠷ ᠬᠢᠨᠠᠨ ᠲᠣᠭᠲᠠᠭᠠᠬᠤ ᠨᠣᠣᠷᠠᠭ ᠮᠡᠳᠡᠭᠦᠯᠦᠨ ᠬᠦᠷᠭᠡᠵᠦ ᠂ 12 ᠰᠠᠷ᠎ᠠ ᠡᠬᠢ ᠪᠡᠷ ᠬᠢᠨᠠᠨ ᠲᠣᠭᠲᠠᠭᠠᠯᠭᠠᠬᠤ ᠪᠠᠷ ᠲᠣᠭᠲᠠᠪᠠ ᠃ ᠭᠦᠸᠧ ᠷᠦᠩ ᠪᠣᠯᠤᠨ ᠾᠧ ᠰᠢᠶᠣᠤ ᠸᠧᠶ ᠠᠮᠤ ᠪᠤᠳᠠᠭᠠᠨ ᠡᠬᠡ ᠨᠣᠣᠷᠠᠭ ᠬᠢᠨᠠᠨ ᠂ ᠡᠬᠡ ᠨᠣᠣᠷᠠᠭ ᠲᠤ ᠣᠷᠣᠰᠢᠵᠤ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠵᠠᠰᠠᠪᠤᠷᠢ ᠣᠷᠣᠭᠤᠯᠬᠤ ᠴᠢᠭᠯᠡᠯ ᠲᠤᠬᠠᠶ ᠰᠠᠨᠠᠯ ᠰᠠᠨᠠᠭᠤᠯᠭ᠎ᠠ ᠳᠤᠷᠠᠳᠴᠠᠶ ᠃
