ᠵᠤᠬᠢᠶᠠᠭᠴᠢ:
ᠴᠠᠭ:2021-01-20
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠨᠢᠭᠡ ︽ᠬᠠᠰᠤᠬᠤ︾ ᠬᠤᠶᠠᠷ ︽ᠨᠡᠮᠡᠬᠦ︾ ᠠᠷᠭ᠎ᠠ ᠶᠢ ᠰᠠᠶᠢᠲᠤᠷ ᠬᠡᠷᠡᠭᠵᠢᠭᠦᠯᠵᠦ ᠮᠠᠨ ᠤ ᠣᠷᠣᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠪᠣᠢ
2020 ᠣᠨ ᠳᠤ᠂ ᠮᠠᠨ ᠤ ᠣᠷᠣᠨ 《ᠲᠠᠯᠪᠢᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠬᠦᠴᠦᠲᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠡᠨᠡ ᠬᠦ 《ᠬᠠᠰᠤᠬᠤ ᠠᠷᠭ᠎ᠠ》 ᠪᠠ ᠬᠠᠮᠢᠶᠠᠷᠬᠤ᠂ ᠦᠢᠯᠡᠴᠢᠯᠡᠬᠦ ᠡᠨᠡ ᠬᠦ ᠬᠤᠶᠠᠷ 《ᠨᠡᠮᠡᠬᠦ ᠠᠷᠭ᠎ᠠ》 ᠶᠢ ᠰᠠᠶᠢᠲᠤᠷ ᠬᠡᠷᠡᠭᠵᠢᠭᠦᠯᠬᠦ ᠪᠠᠷ ᠳᠠᠮᠵᠢᠭᠤᠯᠤᠨ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠰᠢᠯᠢᠳᠡᠭᠵᠢᠭᠦᠯᠵᠦ᠂ ᠦᠶᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠣᠯᠠᠨ ᠲᠦᠮᠡᠨ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠪᠡ᠃
2020 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ 71% ᠪᠠᠭᠠᠰᠬᠠᠵᠤ᠂ ᠠᠵᠤ ᠠᠬᠤᠶᠢᠯᠠᠯ ᠡᠷᠭᠢᠯᠡᠨ ᠪᠠᠶᠢᠭᠤᠯᠬᠤ ᠴᠠᠭ ᠬᠤᠭᠤᠴᠠᠭ᠎ᠠ ᠶᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠤᠨ ᠲᠥᠷᠥᠯ ᠵᠦᠶᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 15 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠠᠷᠢᠴᠠᠭᠠᠯᠠᠭᠠ ᠶᠢᠨ ᠳᠠᠩᠰᠠ ᠲᠡᠮᠳᠡᠭᠯᠡᠯ ᠤᠨ ᠳᠤᠮᠳᠠᠴᠢ ᠭᠦᠶᠴᠡᠳᠬᠡᠬᠦ ᠴᠠᠭ ᠬᠤᠭᠤᠴᠠᠭ᠎ᠠ ᠶᠢ 4 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃
ᠮᠠᠨ ᠤ ᠣᠷᠣᠨ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠪᠤᠨ ᠶᠡᠭᠡ ᠬᠦᠷᠢᠶᠡᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠭᠦᠷᠭᠡ ᠶᠢ ᠶᠡᠬᠡᠪᠡᠷ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠵᠥᠪᠬᠡᠨ 2 ᠦᠯᠡᠳᠡᠭᠡᠪᠡ︔ ᠲᠣᠭᠤᠷᠢᠭ ᠬᠤᠲᠠ ᠬᠢᠭᠡᠳ ᠬᠤᠲᠠ ᠶᠢᠨ ᠬᠠᠷᠢᠶ᠎ᠠ ᠲᠣᠭᠤᠷᠢᠭ᠂ ᠠᠶᠢᠮᠠᠭ ᠬᠢᠭᠡᠳ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠬᠤᠰᠢᠭᠤ ︵ᠬᠤᠲᠠ︶ ᠳᠤ ᠬᠠᠤᠯᠢ ᠬᠡᠷᠡᠭᠵᠢᠭᠦᠯᠬᠦ ᠱᠠᠲᠤ ᠳᠠᠪᠬᠤᠷᠭ᠎ᠠ ᠶᠢ ᠵᠥᠪᠬᠡᠨ 1 ᠦᠯᠡᠳᠡᠭᠡᠵᠦ᠂ 12 ᠠᠶᠢᠮᠠᠭ ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ 426 ᠪᠠᠶᠢᠭᠰᠠᠨ ᠢ ᠬᠠᠰᠤᠭᠠᠳ 147 ᠪᠣᠯᠭᠠᠵᠤ᠂ ᠴᠣᠮᠬᠠᠳᠬᠠᠭᠰᠠᠨ ᠨᠣᠷᠮ᠎ᠠ ᠨᠢ 65% ᠳᠤ ᠬᠦᠷᠪᠡ᠃
ᠨᠢᠭᠡ 《ᠬᠠᠰᠤᠬᠤ》 ᠨᠢᠭᠡ 《ᠨᠡᠮᠡᠬᠦ》 ᠳᠤᠮᠳᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠦᠴᠦᠲᠡᠶ ᠲᠤᠯᠭᠠᠭᠤᠷᠢᠯᠠᠯ ᠳᠣᠤᠷ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ ᠰᠡᠷᠭᠦᠭᠡᠵᠦ᠂ 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠮᠠᠨ ᠤ ᠣᠷᠣᠨ ᠤ ᠪᠣᠳᠠᠲᠠᠶ ᠪᠠᠶᠢᠭ᠎ᠠ ᠵᠠᠬ᠎ᠠ ᠳᠡᠯᠭᠡᠭᠦᠷ ᠤᠨ ᠭᠤᠤᠯ ᠴᠣᠭᠴᠠ 225.5 ᠲᠦᠮᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ᠃
2020 ᠣᠨ ᠤ ᠡᠬᠢ ᠪᠠᠷ᠂ ᠥᠪᠥᠷ ᠮᠣᠩᠭᠤᠯ ᠤᠨ ᠰᠢᠯᠵᠢᠮᠡᠯ ᠦᠵᠦᠭᠦᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 《ᠮᠥᠩᠬᠡ ᠰᠤᠪᠠᠭ》 ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠂ ᠣᠳᠣᠬᠠᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠵᠢᠯᠣᠭᠤᠴᠢ ᠶᠢᠨ ᠦᠨᠡᠮᠯᠡᠯ ᠰᠣᠯᠢᠵᠤ ᠠᠪᠬᠤ᠂ ᠵᠠᠮ ᠬᠠᠷᠢᠯᠴᠠᠭᠠᠨ ᠤ ᠲᠣᠷᠭᠠᠭᠤᠯᠢ ᠶᠢᠨ ᠵᠣᠭᠤᠰ ᠲᠤᠰᠢᠶᠠᠬᠤ ᠵᠡᠷᠭᠡ 32 ᠵᠦᠶᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ᠂ 16 ᠵᠦᠶᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠶᠯᠡᠴᠢᠯᠡᠭᠡ᠂ 7 ᠵᠦᠶᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠬᠤ ᠶᠢᠨ ᠬᠠᠮᠲᠤ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠦᠨᠡᠮᠯᠡᠯ ᠤᠨ ᠨᠢᠭᠡ ᠵᠠᠩᠭᠢᠯᠠᠭ᠎ᠠ ᠶᠢᠨ ᠬᠠᠷᠢᠴᠠᠭ᠎ᠠ ᠶᠢ ᠳᠡᠮᠵᠢᠬᠦ ᠪᠣᠯᠪᠠ᠃ ᠣᠳᠣᠬᠠᠨ ᠳᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠨᠢᠭᠡᠨᠲᠡ ᠦᠨᠳᠦᠰᠦᠨ ᠳᠤ ᠪᠠᠨ ᠪᠠᠶᠢᠭᠤᠯᠵᠤ᠂ ᠲᠠᠪᠤᠨ ᠱᠠᠲᠤᠨ ᠤ ᠣᠷᠣᠯᠠᠨ ᠭᠦᠶᠴᠡᠳᠬᠡᠬᠦ ᠬᠠᠪᠰᠤᠷᠤᠨ ᠭᠦᠶᠴᠡᠳᠬᠡᠬᠦ ᠦᠶᠯᠡᠴᠢᠯᠡᠭᠡᠨ ᠤ ᠰᠢᠰᠲ᠋ᠧᠮᠵᠢ ᠶᠢ ᠶᠠᠭ ᠠᠯᠬᠤᠮ ᠠᠯᠬᠤᠮ ᠢᠶᠠᠷ ᠪᠥᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠯᠵᠢᠶᠡᠨ ᠳᠡᠭᠡᠷ᠎ᠡ ᠭᠦᠶᠴᠡᠳᠬᠡᠬᠦ ᠨᠣᠷᠮ᠎ᠠ ᠨᠢ 90.7% ᠳᠤ ᠬᠦᠷᠪᠡ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ 2020 ᠣᠨ ᠤ ᠡᠴᠦᠰ ᠪᠣᠯᠬᠤ ᠳᠤ ᠨᠢᠭᠡᠨᠲᠡ 30 ᠰᠠᠯᠠᠭ᠎ᠠ ᠮᠥᠴᠢᠷ ᠣᠷᠣᠵᠤ ᠰᠠᠭᠤᠷᠢᠰᠢᠨ᠂ ᠭᠦᠶᠴᠡᠳᠬᠡᠵᠦ ᠪᠣᠯᠬᠤ ᠵᠦᠶᠯᠡᠰ ᠨᠢ 553 ᠪᠠᠶᠢᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠳᠤ 《ᠨᠢᠭᠡ ᠴᠣᠩᠬᠤᠪᠴᠢ ᠪᠠᠷ ᠨᠡᠶᠢᠳᠡᠮ ᠭᠦᠶᠴᠡᠳᠬᠡᠬᠦ》 ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠪᠦᠭᠡᠳ ᠦᠶᠯᠡᠴᠢᠯᠡᠭᠡᠨ ᠤ ᠬᠡᠯᠬᠢᠶ᠎ᠡ ᠶᠢ ᠰᠢᠶᠠᠩ᠂ ᠲᠣᠰᠬᠤᠨ ᠬᠤᠶᠠᠷ ᠱᠠᠲᠤᠨ ᠳᠤ ᠬᠦᠷᠲᠡᠯ᠎ᠡ ᠤᠷᠲᠤᠳᠬᠠᠪᠠ᠃ ᠠᠷᠠᠳ ᠲᠤ ᠲᠥᠬᠦᠮ ᠦᠵᠡᠭᠦᠯᠬᠦ ᠠᠯᠢ ᠣᠯᠠᠨ ᠦᠶᠯᠡᠴᠢᠯᠡᠭᠡ ᠨᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠲᠠᠭᠠᠰᠢᠶᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃