ᠵᠤᠬᠢᠶᠠᠭᠴᠢ:
ᠴᠠᠭ:2021-02-26
ᠥᠵᠡᠭᠰᠡᠨ : ℃
ᠢᠷᠡᠯᠲᠡ:
ᠬᠢᠩᠭᠠᠨ ᠠᠶᠢᠮᠠᠭ ᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠨᠠᠮ ᠤᠨ ᠡᠭᠦᠷ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ

2021 ᠣᠨ ᠤ 2 ᠳ᠋ᠤᠭᠠᠷ ᠰᠠᠷ᠎ᠠ ᠶᠢᠨ 5 ᠡᠳᠦᠷ ᠂ ᠬᠢᠩᠭᠠᠨ ᠠᠶᠢᠮᠠᠭ ᠤᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠦᠨ ᠱᠦᠵᠢ ᠂ ᠡᠷᠬᠢᠯᠡᠭᠴᠢ ᠵᠠᠩ ᠯᠦᠩ ᠪᠠᠶᠢᠭᠤᠯᠭ᠎ᠠ ᠶᠢᠨ ᠨᠠᠮ ᠤᠨ ᠡᠭᠦᠷ ᠦᠨ ᠣᠷᠣᠨ ᠨᠤᠲᠤᠭ ᠤᠨ ᠣᠶᠢᠯᠠᠯᠭ᠎ᠠ ᠶᠢ ᠴᠢᠩᠭᠠᠳᠬᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠡᠷᠢᠭᠦᠯᠡᠭᠴᠢ ᠮᠠᠤ ᠽᠸ ᠳ᠋ᠦᠩ ᠦᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠵᠤ ᠂ ᠦ᠋ ᡁᠢ ᠬᠣᠩ ᠨᠥᠬᠥᠷ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠠᠵᠢᠯᠲᠠᠨ ᠴᠣᠯᠠ ᠶᠢ ᠨᠡᠬᠡᠮᠵᠢᠯᠡᠨ ᠣᠯᠭᠣᠬᠤ ᠲᠤᠬᠠᠶ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠶᠠᠮᠤᠨ ᠂ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠵᠢᠯᠣᠭᠣᠳᠬᠤ ᠳᠤᠭᠤᠶᠢᠯᠠᠩ ᠤᠨ ᠲᠣᠭᠲᠠᠭᠠᠯ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃ ᠳᠡᠳ᠋ ᠡᠷᠬᠢᠯᠡᠭᠴᠢ ᠂ ᠳ᠋ᠧᠦ ᠰᠢᠶᠠᠩ ᠬᠤᠸᠠ ᠪᠣᠯᠤᠨ ᠪᠦᠬᠦ ᠺᠠᠳ᠋ᠷ ᠬᠤᠷᠠᠯ ᠳᠤ ᠣᠷᠣᠯᠴᠠᠪᠠ᠃
ᠵᠠᠩ ᠯᠦᠩ ᠣᠷᠣᠨ ᠨᠤᠲᠤᠭ ᠤᠨ ᠣᠶᠢᠯᠠᠯᠭᠠᠠᠮᠢᠳᠤᠯᠢᠭ ᠰᠤᠷᠴᠤ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠣᠶᠢᠯᠠᠯᠭ᠎ᠠ ᠳᠤ ᠣᠷᠣᠨ ᠨᠤᠲᠤᠭ ᠤᠨ ᠴᠢᠨᠠᠷᠲᠠᠶ ᠨᠡᠪᠲᠡᠷᠬᠡᠶ ᠲᠣᠯᠢ ᠶᠢᠨ ᠣᠨᠴᠠᠯᠢᠭ ᠰᠢᠨᠵᠢ ᠪᠠᠶᠢᠵᠤ ᠂ ᠨᠢᠭᠡ ᠭᠠᠵᠠᠷ ᠤᠨ ᠠᠵᠤ ᠠᠬᠤᠶ ᠨᠡᠶᠢᠭᠡᠮ ᠬᠥᠭᠵᠢᠯᠲᠡ ᠶᠢ ᠣᠶᠢᠯᠠᠭᠠᠬᠤ ᠡᠷᠬᠡ ᠰᠦᠷᠲᠦ ᠴᠢᠨᠠᠷᠲᠠᠶ ᠵᠣᠬᠢᠶᠠᠯ ᠪᠦᠲᠦᠭᠡᠯ ᠪᠣᠯᠤᠨ᠎ᠠ᠃ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠳᠤ ᠣᠨᠣᠯ ᠢ ᠪᠣᠳᠠᠲᠠᠶ ᠲᠠᠶ ᠤᠶᠠᠯᠳᠤᠭᠤᠯᠤᠨ ᠂ ᠰᠣᠷᠣᠭᠰᠠᠨ ᠢᠶᠠᠨ ᠬᠡᠷᠡᠭᠯᠡᠵᠦ ᠂ ᠠᠶᠢᠮᠠᠭ ᠤᠨ ᠨᠠᠮ ᠤᠨ ᠬᠣᠷᠢᠶ᠎ᠠ ᠠᠴᠠ ᠲᠤᠰᠢᠶᠠᠭᠰᠠᠨ ᠡᠯ᠎ᠡ ᠵᠦᠶᠯ ᠦᠨ ᠠᠵᠢᠯ ᠤᠨ ᠡᠭᠦᠷᠭᠡ ᠶᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠶ ᠃
ᠵᠠᠩ ᠯᠦᠩ ᠱᠠᠭᠠᠷᠳᠠᠭᠰᠠᠨ ᠨᠢ ᠂ ᠣᠶᠢᠯᠠᠯᠭ᠎ᠠ ᠨᠠᠶᠢᠷᠠᠭᠤᠯᠬᠤ ᠠᠵᠢᠯᠲᠠᠳ ᠰᠣᠳᠣᠨ ᠪᠦᠲᠦᠭᠡᠯ ᠦᠵᠡᠯ ᠤᠬᠠᠮᠰᠠᠷ ᠢ ᠪᠠᠲᠤ ᠪᠡᠬᠢ ᠪᠣᠶ ᠪᠣᠯᠭᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠵᠢᠮ᠎ᠡ ᠶᠣᠰᠣ ᠪᠣᠯᠤᠨ ᠣᠨᠴᠠᠯᠢᠭ ᠢᠶᠠᠨ ᠲᠠᠰᠤᠷᠠᠯᠲᠠ ᠳ᠋ᠦᠩᠨᠡᠨ ᠂ ᠴᠠᠭ ᠦᠶ᠎ᠡ ᠲᠡᠶ ᠵᠡᠷᠭᠡᠪᠡᠷ ᠤᠷᠤᠭᠰᠢᠯᠠᠵᠤ ᠂ ᠰᠢᠨ᠎ᠡ ᠶᠢ ᠡᠭᠦᠳᠬᠦ ᠂ ᠠᠭᠤᠯᠭ᠎ᠠ ᠶᠢᠨ ᠰᠢᠨ᠎ᠡ ᠶᠢ ᠂ ᠤᠨ ᠰᠢᠨ᠎ᠡ ᠶᠢ ᠂ ᠨᠠᠶᠢᠷᠠᠭᠤᠯᠤᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠴᠢᠨᠠᠷ ᠂ ᠴᠠᠭ ᠦᠶᠡᠴᠢ ᠴᠢᠨᠠᠷ ᠂ ᠰᠢᠨᠵᠢᠯᠡᠬᠦ ᠤᠬᠠᠭᠠᠨᠴᠢ ᠴᠢᠨᠠᠷ ᠪᠣᠯᠤᠨ ᠴᠢᠨᠠᠷ ᠢ ᠴᠢᠷᠮᠠᠶᠢᠨ ᠬᠠᠷᠠᠭᠤᠯᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠂ ᠂ ᠬᠠᠳᠠᠭᠠᠯᠠᠬᠤ ᠴᠢᠳᠠᠮᠵᠢ ᠶᠢ ᠪᠠᠳᠠᠷᠠᠭᠤᠯᠬᠤ ᠬᠡᠷᠡᠭᠲᠡᠶ ᠃
ᠵᠠᠩ ᠯᠦᠩ ᠴᠢᠬᠤᠯᠠᠴᠢᠯᠠᠭᠰᠠᠨ ᠨᠢ ᠂ ᠪᠥᠬᠥ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠲᠡᠷᠢᠭᠦᠨ ᠦ ᠠᠵᠢᠯᠲᠠᠨ ᠡᠸ ᡁᠢ ᠬᠣᠩ ᠨᠥᠬᠥᠷ ᠡᠴᠡ ᠰᠤᠷᠤᠯᠴᠠᠬᠤ ᠬᠡᠷᠡᠭᠲᠡᠶ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠂ ᠳᠥᠷᠪᠡᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ ᠂ ᠳᠥᠷᠪᠡᠨ ᠢᠲᠡᠭᠡᠯ ᠢᠶᠠᠨ ᠂ ᠬᠣᠶᠠᠷ ᠢ ᠬᠠᠮᠠᠭᠠᠯᠠᠬᠤ ᠪᠡᠶᠡᠯᠡᠭᠦᠯᠵᠦ ᠂ ᠂ ᠪᠢᠴᠢᠬᠦ ᠵᠣᠷᠢᠭ ᠰᠠᠨᠠᠭ᠎ᠠ ᠶᠢ ᠶᠡᠬᠡ ᠪᠡᠷ ᠪᠠᠳᠠᠷᠠᠭᠤᠯᠵᠤ ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠠᠵᠢᠯ ᠤᠨ ᠡᠷᠡᠭᠦᠯ ᠢᠶᠡᠷ ᠬᠥᠭᠵᠢᠬᠦ ᠶᠢ ᠠᠬᠢᠭᠤᠯᠵᠤ ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠦᠨ ᠴᠢᠨᠠᠷ ᠰᠠᠶᠢᠲᠠᠶ ᠬᠥᠭᠵᠢᠯᠲᠡ ᠳᠦ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃