ᠵᠤᠬᠢᠶᠠᠭᠴᠢ: 
							ᠴᠠᠭ:2021-05-08
							ᠥᠵᠡᠭᠰᠡᠨ :  ℃
                                                        ᠢᠷᠡᠯᠲᠡ:  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ
						
						
							ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭᠠ ᠰᠤᠳᠤᠯᠬᠤ  ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠬᠠᠷᠢᠭᠤᠴᠠᠯᠭᠠᠲᠠᠨ ᠵᠠᠩ ᠰᠢᠶᠤᠤ ᠬᠣᠩ ᠨᠠᠷ ᠪᠡᠭᠡᠵᠢᠩ ᠬᠣᠲᠠ ᠶᠢᠨ ᠬᠠᠮᠢᠶᠠ ᠪᠥᠬᠥᠶ  ᠬᠦᠷᠴᠦ ᠪᠠᠶᠢᠴᠠᠭᠠᠨ ᠰᠤᠳᠤᠯᠵᠤ ᠰᠠᠨᠠᠯ ᠢᠶᠠᠨ ᠰᠣᠯᠢᠯᠴᠠᠪᠠ						
						
						
 2021 ᠣᠨ ᠤ 4  ᠰᠠᠷᠠ ᠶᠢᠨ 15—16  ᠤ ᠡᠳᠦᠷ ᠪᠣᠯᠲᠠᠯᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭᠠ ᠰᠤᠳᠤᠯᠬᠤ  ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠬᠠᠷᠢᠭᠤᠴᠠᠯᠭᠠᠲᠠᠨ ᠵᠠᠩ ᠰᠢᠶᠤᠤ ᠬᠣᠩ ᠨᠠᠷ ᠪᠡᠭᠡᠵᠢᠩ ᠬᠣᠲᠠ ᠶᠢᠨ ᠬᠠᠮᠢᠶᠠ ᠪᠥᠬᠥᠶ ᠨᠢᠭᠡᠴᠡ ᠳᠦ ᠬᠦᠷᠴᠦ ᠬᠠᠭᠤᠴᠢᠨ ᠣᠶᠢᠯᠠᠯᠭᠠ ᠶᠢ ᠡᠮᠬᠢᠯᠡᠬᠦ ᠂ ᠣᠷᠣᠨ ᠨᠤᠲᠤᠭ ᠤᠨ ᠣᠶᠢᠯᠠᠯᠭᠠ ᠶᠢᠨ  ᠪᠥᠲᠥᠭᠡᠨ ᠪᠠᠶᠢᠭᠤᠯᠤᠯᠲᠠ ᠂ ᠣᠷᠣᠨ ᠨᠤᠲᠤᠭ ᠤᠨ ᠣᠶᠢᠯᠠᠯᠭᠠ ᠶᠢᠨ ᠣᠨᠣᠯ ᠤᠨ ᠰᠤᠳᠤᠯᠭᠠᠨ ᠂ ᠲᠡᠦᠬᠡ ᠣᠶᠢᠯᠠᠯᠭᠠ ᠬᠤᠭᠤᠴᠠᠭᠠᠲᠤ ᠰᠡᠳᠬᠦᠯ ᠦᠨ ᠬᠡᠪᠯᠡᠯ ᠦᠨ ᠬᠠᠮᠢᠶᠠᠷᠤᠯᠲᠠ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ  ᠰᠣᠯᠢᠯᠴᠠᠪᠠ᠃

 ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠ ᠰᠤᠷᠤᠯᠴᠠᠯᠭᠠ ᠶᠢᠨ ᠣᠯᠤᠯᠲᠠ ᠡᠯᠪᠡᠭ ᠪᠠᠶᠢᠵᠤ ᠂ ᠭᠠᠳᠠᠷ ᠮᠤᠵᠢ ᠶᠢᠨ ᠣᠷᠣᠨ ᠨᠤᠲᠤᠭ ᠤᠨ ᠣᠶᠢᠯᠠᠯᠭᠠ ᠶᠢᠨ ᠪᠠᠶᠢᠭᠤᠯᠤᠮᠵᠢ ᠯᠤᠭᠠ ᠶᠢᠨ ᠬᠣᠭᠣᠷᠣᠨᠳᠣᠬᠢ ᠰᠣᠯᠢᠯᠴᠠᠭᠠ ᠪᠠ ᠬᠠᠮᠲᠤᠷᠠᠯᠴᠠᠭᠠ ᠪᠠᠨ ᠴᠢᠩᠭᠠᠳᠬᠠᠵᠤ ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠨᠢ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠ ᠰᠤᠷᠤᠯᠴᠠᠯᠭᠠ ᠶᠢᠨ ᠡᠷᠬᠢᠮ ᠨᠠᠨᠳᠢᠨ ᠲᠤᠷᠰᠢᠯᠭᠠ ᠵᠢᠴᠢ ᠲᠡᠷᠢᠭᠦᠨ ᠦ ᠠᠷᠭᠠ ᠬᠢᠳᠡᠯ ᠢᠶᠡᠷ ᠭᠦᠶᠴᠡᠳ ᠲᠣᠯᠢ ᠪᠣᠯᠭᠠᠵᠤ ᠂ ᠲᠠᠷᠠᠭᠠᠴᠢ ᠶᠢᠨ ᠠᠯᠬᠤᠮ ᠤᠨ ᠡᠯᠡ ᠵᠦᠶᠯ ᠦᠨ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠃