ᠵᠤᠬᠢᠶᠠᠭᠴᠢ:
ᠴᠠᠭ:2021-07-02
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠣᠳᠣᠯᠣᠯ ᠤᠨ ᠲᠠᠰᠤᠭ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠨᠠᠷ ᠣᠷᠳᠣᠰ ᠬᠣᠲᠠ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠡᠷᠬᠢᠯᠡᠭᠴᠢ ᠾᠧ ᠪᠢᠶᠤᠤ ᠨᠠᠷ ᠣᠷᠳᠣᠰ ᠬᠣᠲᠠ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ
2021 ᠣᠨ ᠤ 6 ᠳ᠋ᠤᠭᠠᠷ ᠰᠠᠷ᠎ᠠ ᠶᠢᠨ 24—26 ᠤ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠣᠳᠣᠯᠣᠯ ᠤᠨ ᠲᠠᠰᠤᠭ ᠤᠨ ᠡᠷᠬᠢᠯᠡᠭᠴᠢ ᠾᠧ ᠪᠢᠶᠤᠤ ᠵᠡᠷᠭᠡ 4 ᠬᠥᠮᠦᠨ ᠣᠷᠳᠣᠰ ᠬᠣᠲᠠ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠣᠳᠪᠠ᠃ ᠣᠷᠣᠨ ᠨᠤᠲᠤᠭ ᠤᠨ ᠣᠶᠢᠯᠠᠯᠭ᠎ᠠ ᠶᠢᠨ ᠰᠣᠳᠣᠯᠣᠯ ᠤᠨ ᠲᠠᠰᠤᠭ ᠤᠨ ᠣᠨ ᠤ ᠣᠢᠯᠠᠪᠤᠷᠢ ᠶᠢᠨ ᠭᠠᠵᠠᠷ ᠤᠨ ᠳᠠᠷᠤᠭ᠎ᠠ ᠶᠣᠰᠣᠲᠠᠢ ᠂ ᠣᠷᠳᠣᠰ ᠬᠣᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠳᠠᠷᠤᠭ᠎ᠠ ᠸᠠᠩ ᠭᠤᠸᠠᠨ ᠵᠥᠩ ᠂ ᠳᠡᠳ᠋ ᠳᠠᠷᠤᠭ᠎ᠠ ᠵᠢᠶᠠ ᠶᠦᠩ ᠴᠢᠶᠠᠩ ᠨᠠᠷ ᠬᠠᠮᠲᠤ ᠪᠠᠶᠢᠴᠠᠭᠠᠨ ᠰᠤᠳᠤᠯᠤᠯᠲᠠ ᠬᠢᠪᠠ᠃


6 ᠳ᠋ᠤᠭᠠᠷ ᠰᠠᠷ᠎ᠠ ᠶᠢᠨ 24 ᠦ ᠡᠳᠦᠷ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠳᠣᠰ ᠬᠣᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠲᠡᠶ ᠶᠠᠷᠢᠯᠴᠠᠬᠤ ᠬᠤᠷᠠᠯ ᠬᠢᠪᠠ᠃ ᠣᠷᠳᠣᠰ ᠬᠣᠲᠠ ᠶᠢᠨ ᠨᠠᠮ ᠤᠨ ᠬᠣᠷᠢᠶᠠᠨ ᠤ ᠠᠯᠪᠠᠨ ᠬᠡᠷ ᠦᠨ ᠬᠣᠶᠠᠳᠤᠭᠠᠷ ᠳᠡᠰ ᠤᠨ ᠲᠣᠭᠣᠷᠢᠨ ᠪᠠᠶᠢᠴᠠᠭᠠᠭᠴᠢ ᠴᠢᠶᠣᠤ ᠮᠥ ᠶᠠᠷᠢᠯᠴᠠᠬᠤ ᠬᠤᠷᠠᠯ ᠳᠤ ᠣᠷᠣᠯᠴᠠᠪᠠ᠃ ᠸᠠᠩ ᠭᠤᠸᠠᠨ ᠵᠥᠩ ᠣᠷᠳᠣᠰ ᠬᠣᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠪᠠᠶᠢᠭᠤᠯᠤᠮᠵᠢ ᠶᠢᠨ ᠣᠷᠣᠨ ᠲᠣᠭ᠎ᠠ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠂ 《 ᠬᠣᠶᠠᠷ ᠢ ᠪᠥᠬᠥ ᠲᠠᠯ᠎ᠠ ᠪᠠᠷ ᠪᠡᠶᠡᠯᠡᠭᠦᠯᠬᠦ ᠬᠠᠷᠠᠯᠲᠠ 》 ᠶᠢᠨ ᠰᠡᠭᠦᠯ ᠬᠤᠷᠢᠶᠠᠬᠤ ᠠᠵᠢᠯ ᠂ ᠰᠢᠶᠠᠩ ᠪᠠᠯᠭᠠᠰᠤ ᠲᠣᠰᠬᠣᠨ ᠤ ᠣᠶᠢᠯᠠᠯᠭ᠎ᠠ ᠨᠠᠶᠢᠷᠠᠭᠤᠯᠬᠤ ᠂ ᠣᠷᠣᠨ ᠨᠤᠲᠤᠭ ᠤᠨ ᠣᠶᠢᠯᠠᠯᠭ᠎ᠠ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠳᠤ ᠣᠷᠣᠯᠴᠠᠭᠰᠠᠳ ᠰᠠᠯᠠᠭ᠎ᠠ ᠮᠥᠴᠢᠷ ᠦᠨ ᠣᠶᠢᠯᠠᠯᠭ᠎ᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠠᠨ ᠭᠦᠶᠴᠡᠳᠬᠡᠬᠦ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃ ᠾᠧ ᠪᠢᠶᠤᠤ ᠣᠷᠳᠣᠰ ᠬᠣᠲᠠ ᠶᠢᠨ ᠤᠯᠤᠰ ᠤᠨ 《ᠬᠣᠶᠠᠷ ᠢ ᠪᠥᠬᠥ ᠲᠠᠯ᠎ᠠ ᠪᠠᠷ ᠪᠡᠶᠡᠯᠡᠭᠦᠯᠬᠦ ᠬᠠᠷᠠᠯᠲᠠ 》 ᠶᠢᠨ ᠡᠭᠦᠷᠭᠡ ᠶᠢ ᠪᠡᠶᠡᠯᠡᠭᠦᠯᠬᠦ ᠳᠤᠮᠳᠠ ᠣᠯᠤᠭᠰᠠᠨ ᠢᠳᠡᠪᠬᠢᠲᠡᠶ ᠦᠷ᠎ᠡ ᠪᠦᠲᠦᠭᠡᠯ ᠢ ᠭᠦᠶᠴᠡᠳ ᠨᠤᠲᠠᠯᠠᠪᠠ᠃


ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠂ ᠾᠧ ᠪᠢᠶᠤᠤ ᠨᠠᠷ ᠤᠷᠢᠳ ᠬᠣᠵᠢᠳ ᠦᠦᠰᠢᠨ ᠬᠣᠰᠢᠭᠤ ᠂ ᠣᠲᠣᠭ ᠤᠨ ᠡᠮᠦᠨᠡᠲᠦ ᠬᠣᠰᠢᠭᠤᠨ ᠳᠤ ᠬᠦᠷᠴᠦ ᠣᠷᠣᠨ ᠨᠤᠲᠤᠭ ᠤᠨ ᠣᠶᠢᠯᠠᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠂ ᠨᠠᠮ ᠪᠠᠶᠢᠭᠤᠯᠤᠭᠳᠠᠭᠰᠠᠨ 100 ᠵᠢᠯ ᠦᠨ ᠣᠶ ᠶᠢ ᠪᠡᠯᠭᠡᠯᠡᠬᠦ ᠲᠡᠦᠬᠡ ᠣᠶᠢᠯᠠᠯᠭ᠎ᠠ ᠶᠢᠨ ᠮᠠᠲ᠋ᠧᠷᠢᠶᠠᠯ ᠤᠨ ᠦᠵᠡᠭᠦᠯᠦᠯᠭᠡ ᠂ ᠣᠷᠳᠣᠰ ᠨᠠᠨᠵᠢᠩ ᠤᠨ ᠦᠨ ᠳᠤᠷᠠᠰᠬᠠᠯ ᠤᠨ ᠣᠷᠳᠣᠨ ᠂ ᠴᠢᠨᠡᠭᠡᠯᠢᠭ ᠨᠡᠶᠢᠭᠡᠮ ᠦᠨ ᠢᠨᠵᠧᠨᠧᠷᠢᠩ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠬᠡᠷᠡᠯ ᠵᠢᠷᠤᠭ ᠤᠨ ᠦᠵᠡᠭᠦᠯᠭᠡ ᠂ ᠨᠠᠶᠢᠷᠠᠭᠤᠯᠤᠨ ᠰᠢᠶᠠᠩ ᠪᠠᠯᠭᠠᠰᠤ ᠲᠣᠰᠬᠣᠨ ᠤ ᠣᠶᠢᠯᠠᠯᠭ᠎ᠠ ᠶᠢ ᠪᠠᠶᠢᠴᠠᠭᠠᠨ ᠦᠵᠡᠵᠦ ᠂ ᠦᠦᠰᠢᠨ ᠬᠣᠰᠢᠭᠤ ᠂ ᠣᠲᠣᠭ ᠤᠨ ᠡᠮᠦᠨᠡᠲᠦ ᠬᠣᠰᠢᠭᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠭᠦᠶᠴᠡᠳ ᠨᠤᠲᠠᠯᠠᠵᠤ ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠡᠷ ᠦᠨᠡᠯᠡᠵᠦ ᠂ ᠦᠦᠰᠢᠨ ᠬᠣᠰᠢᠭᠤ ᠂ ᠣᠲᠣᠭ ᠬᠣᠰᠢᠭᠤᠨ ᠤ ᠨᠠᠮ ᠤᠨ ᠬᠣᠷᠢᠶ᠎ᠠ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠬᠠᠯᠠᠮᠵᠢᠯᠠᠨ ᠳᠡᠮᠵᠢᠵᠦ ᠪᠠᠶᠢᠬᠤ ᠶᠢ ᠳᠡᠭᠡᠳᠦ ᠬᠡᠮᠵᠢᠶ᠎ᠡ ᠪᠡᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃