ᠵᠤᠬᠢᠶᠠᠭᠴᠢ:
ᠴᠠᠭ:2021-06-29
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ
ᠬᠠᠶᠢᠯᠠᠷ ᠲᠣᠭᠣᠷᠢᠭ ᠤᠨ ᠳᠠᠩᠰᠠ ᠡᠪᠬᠡᠮᠡᠯ ᠣᠶᠢᠯᠠᠯᠭ᠎ᠠ ᠶᠢᠨ ︽ᠬᠠᠶᠢᠯᠠᠷ ᠲᠣᠭᠣᠷᠢᠭ ᠤᠨ ᠣᠶᠢᠯᠠᠯᠭ᠎ᠠ ︵1991—2005ᠣᠨ︶︾ ᠶᠢ ᠮᠣᠩᠭᠤᠯ ᠪᠡᠷ ᠨᠠᠶᠢᠷᠠᠭᠤᠯᠤᠨ ᠬᠡᠪᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ

2021ᠣᠨ ᠤ 6 ᠳ᠋ᠤᠭᠠᠷ ᠰᠠᠷ᠎ᠠ ᠶᠢᠨ 28 ᠦ ᠡᠳᠦᠷ ᠦᠨ ᠦᠳᠡ ᠶᠢᠨ ᠬᠣᠶᠢᠨᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ ᠤᠨ ᠳᠡᠳ᠋ ᠂ ᠳ᠋ᠣᠺᠲ᠋ᠣᠷ ᠹᠦ᠋ ᠷᠦᠩ᠂ ᠬᠥᠯᠥᠨ ᠪᠤᠶᠢᠷ ᠬᠣᠲᠠ ᠶᠢᠨ ᠨᠠᠮ ᠤᠨ ᠬᠣᠷᠢᠶᠠᠨ ᠤ ᠠᠯᠪᠠᠨ ᠭᠡᠷ ᠦᠨ ᠣᠶᠢᠯᠠᠯᠭ᠎ᠠ ᠶᠢᠨ ᠳᠠᠷᠤᠭ᠎ᠠ ᠰᠠᠷᠠᠨᠭᠡᠷᠡᠯ ᠨᠠᠷ ᠬᠠᠶᠢᠯᠠᠷ ᠲᠣᠭᠣᠷᠢᠭ ᠤᠨ ᠳᠠᠩᠰᠠ ᠡᠪᠬᠡᠮᠡᠯ ᠣᠶᠢᠯᠠᠯᠭ᠎ᠠ ᠶᠢᠨ ᠳᠤ ᠬᠦᠷᠴᠦ᠂ 《ᠬᠠᠶᠢᠯᠠᠷ ᠲᠣᠭᠣᠷᠢᠭ ᠤᠨ ᠣᠶᠢᠯᠠᠯᠭ᠎ᠠ ︵1991—2005 ᠣᠨ︶》 ᠶᠢ ᠮᠣᠩᠭᠤᠯ ᠪᠡᠷ ᠨᠠᠶᠢᠷᠠᠭᠤᠯᠤᠨ ᠬᠡᠪᠯᠡᠭᠦᠯᠬᠦ ᠠᠵᠢᠯ ᠢ ᠪᠠᠶᠢᠴᠠᠭᠠᠨ ᠰᠤᠳᠤᠯᠵᠤ᠂ ᠵᠢᠭᠠᠨ ᠵᠢᠯᠤᠭᠤᠳᠤᠨ᠂ ᠬᠠᠶᠢᠯᠠᠷ ᠲᠣᠭᠣᠷᠢᠭ ᠤᠨ ᠳᠠᠩᠰᠠ ᠡᠪᠬᠡᠮᠡᠯ ᠣᠶᠢᠯᠠᠯᠭ᠎ᠠ ᠶᠢᠨ ᠪᠠᠭ ᠤᠨ ᠵᠢᠴᠢ ᠣᠶᠢᠯᠠᠯᠭ᠎ᠠ ᠶᠢᠨ ᠨᠠᠶᠢᠷᠠᠭᠤᠯᠤᠨ ᠰᠤᠳᠤᠯᠬᠤ ᠤᠨ ᠬᠤᠷᠠᠯ ᠳᠤ ᠣᠷᠣᠯᠴᠠᠪᠠ᠃
ᠬᠤᠷᠠᠯ ᠳᠡᠭᠡᠷ᠎ᠡ᠂ ᠳᠠᠩᠰᠠ ᠡᠪᠬᠡᠮᠡᠯ ᠣᠶᠢᠯᠠᠯᠭ᠎ᠠ ᠶᠢᠨ ᠳᠠᠷᠤᠭ᠎ᠠ ᠰᠦᠩ ᠵᠢᠶᠠᠩ ᠸᠧᠢ ᠠᠴᠠ ᠬᠠᠶᠢᠯᠠᠷ ᠤᠨ ᠳᠠᠩᠰᠠ ᠡᠪᠬᠡᠮᠡᠯ ᠲᠡᠤᠬᠡ ᠶᠢᠨ ᠣᠶᠢᠯᠠᠯᠭ᠎ᠠ ᠶᠢᠨ ᠠᠵᠢᠯ ᠤᠨ ᠪᠠᠶᠢᠳᠠᠯ᠂ ᠬᠣᠶᠠᠷ ᠣᠶᠢᠯᠠᠯᠭ᠎ᠠ ᠬᠡᠪᠯᠡᠭᠦᠯᠦᠭᠰᠡᠨ ᠪᠠᠶᠢᠳᠠᠯ᠂ ᠡᠯ᠎ᠡ ᠪᠠᠯᠭᠠᠰᠤ ᠲᠣᠰᠬᠣᠨ ᠤ ᠣᠶᠢᠯᠠᠯᠭ᠎ᠠ ᠶᠢᠨ ᠬᠡᠪᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠡ᠃ ᠳᠡᠳ᠋ ᠳᠠᠷᠤᠭ᠎ᠠ ᠯᠢ ᠴᠢᠶᠠᠩ 《ᠬᠠᠶᠢᠯᠠᠷ ᠲᠣᠭᠣᠷᠢᠭ ᠤᠨ ᠣᠶᠢᠯᠠᠯᠭ᠎ᠠ ︵1991—2005︶》 ᠶᠢ ᠮᠣᠩᠭᠤᠯ ᠢᠶᠠᠷ ᠠᠵᠢᠯ ᠢ ᠪᠡᠶᠡᠯᠡᠭᠦᠯᠦᠭᠰᠡᠨ ᠪᠠᠶᠢᠳᠠᠯ ᠬᠠᠷᠢᠭᠤ ᠮᠡᠳᠡᠭᠦᠯᠦᠯᠲᠡ ᠬᠢᠪᠡ᠃ ᠬᠤᠷᠠᠯ ᠳᠤ ᠣᠶᠢᠷ᠎ᠠ ᠶᠢᠨ ᠵᠢᠯ ᠡᠴᠡ ᠨᠠᠰᠢᠬᠢ ᠣᠶᠢᠯᠠᠯᠭ᠎ᠠ ᠶᠢᠨ ᠠᠵᠢᠯ ᠤᠨ ᠪᠠᠶᠢᠳᠠᠯ ᠤᠨ ᠲᠣᠭᠣᠷᠢᠨ ᠳᠤ ᠭᠦᠨᠵᠡᠭᠡᠢ ᠃
ᠹᠦ᠋ ᠷᠦᠩ ᠳ᠋ᠣᠺᠲ᠋ᠣᠷ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠠᠨᠢᠯᠴᠠᠭᠤᠯᠵᠤ᠂ ᠬᠠᠶᠢᠯᠠᠷ ᠲᠣᠭᠣᠷᠢᠭ ᠤᠨ ᠣᠶᠢᠯᠠᠯᠭ᠎ᠠ ᠳᠤ ᠵᠠᠰᠠᠪᠥᠷᠢ ᠣᠷᠣᠭᠤᠯᠬᠤ ᠪᠠ ᠣᠷᠴᠢᠭᠤᠯᠬᠤ ᠠᠵᠢᠯ ᠤᠨ ᠣᠯᠣᠭᠰᠠᠨ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠪᠣᠯᠣᠨ ᠲᠡᠤᠬᠡ ᠣᠶᠢᠯᠠᠯᠭ᠎ᠠ ᠶᠢᠨ ᠠᠵᠢᠯᠲᠠᠳ ᠤᠨ ᠰᠢᠷᠭᠠᠭᠤ ᠬᠥᠳᠡᠯᠮᠦᠷᠢ ᠶᠢ ᠭᠦᠢᠴᠡᠳ ᠨᠤᠲᠠᠯᠠᠪᠠ ᠃ ᠲᠡᠭᠦᠨ ᠦ ᠦᠵᠡᠬᠦ ᠪᠡᠷ᠂ ᠬᠠᠶᠢᠯᠠᠷ ᠲᠣᠭᠣᠷᠢᠭ ᠤᠨ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠰᠠᠩ 《ᠬᠠᠶᠢᠯᠠᠷ ᠬᠣᠲᠠ ᠶᠢᠨ ᠣᠶᠢᠯᠠᠯᠭ᠎ᠠ》 《ᠬᠠᠶᠢᠯᠠᠷ ᠲᠣᠭᠣᠷᠢᠭ ᠤᠨ ᠣᠶᠢᠯᠠᠯᠭ᠎ᠠ ︵1991—2005 ᠣᠨ︶》 ᠬᠣᠶᠠᠷ ᠡᠭᠡᠯᠵᠢ ᠶᠢᠨ ᠣᠶᠢᠯᠠᠯᠭ᠎ᠠ ᠶᠢ ᠨᠠᠶᠢᠷᠠᠭᠤᠯᠤᠨ ᠬᠡᠪᠯᠡᠭᠦᠯᠬᠦ ᠪᠠ ᠮᠣᠩᠭᠤᠯ ᠢᠶᠠᠷ ᠣᠷᠴᠢᠭᠤᠯᠬᠤ ᠠᠵᠢᠯ ᠢ ᠪᠡᠶᠡᠯᠡᠭᠦᠯᠦᠭᠰᠡᠨ ᠨᠢ ᠮᠠᠰᠢ ᠬᠢᠯᠪᠠᠷ ᠪᠣᠰᠦ ᠶᠤᠮ᠂ 《ᠬᠠᠶᠢᠯᠠᠷ ᠲᠣᠭᠣᠷᠢᠭ ᠤᠨ ᠣᠶᠢᠯᠠᠯᠭ᠎ᠠ ︵1991—2005 ᠣᠨ︶》 ᠶᠢ ᠮᠣᠩᠭᠤᠯ ᠢᠶᠠᠷ ᠨᠡᠯᠢᠶᠡᠳ ᠰᠠᠶᠢᠨ ᠣᠷᠴᠢᠭᠤᠯᠵᠤ᠂ ᠣᠶᠢᠯᠠᠯᠭ᠎ᠠ ᠶᠢᠨ ᠤᠤᠯ ᠬᠡᠪ ᠢ ᠨᠢ ᠬᠦᠨᠳᠦᠳᠬᠡᠨ᠂ ᠣᠶᠢᠯᠠᠯᠭ᠎ᠠ ᠶᠢ ᠣᠷᠴᠢᠭᠤᠯᠬᠤ ᠵᠢᠷᠤᠮᠵᠢᠯ ᠳᠦ ᠨᠡᠶᠢᠴᠡᠵᠡᠢ᠃ ᠬᠠᠶᠢᠯᠠᠷ ᠲᠣᠭᠣᠷᠢᠭ ᠤᠨ ᠳᠠᠩᠰᠠ ᠡᠪᠬᠡᠮᠡᠯ ᠲᠡᠤᠬᠡ ᠶᠢᠨ ᠰᠠᠩ ᠨᠢ ᠬᠦᠴᠢᠷ ᠪᠡᠷᠬᠡᠰᠢᠶᠡᠯ ᠢ ᠴᠢᠷᠮᠠᠢᠨ ᠢᠯᠠᠨ ᠳᠠᠪᠠᠵᠤ᠂ 《ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠳᠦᠷᠢᠮ》 ᠬᠢᠭᠡᠳ 《ᠣᠷᠣᠨ ᠨᠤᠲᠤᠭ ᠤᠨ ᠣᠶᠢᠯᠠᠯᠭ᠎ᠠ ᠶᠢᠨ ᠴᠢᠨᠠᠷ ᠴᠢᠨᠰᠠᠭᠠᠨ ᠤ ᠲᠣᠭᠲᠠᠭᠠᠯ》 ᠶᠣᠰᠣᠭᠠᠷ᠂ ᠮᠣᠩᠭᠣᠯ 《ᠬᠠᠶᠢᠯᠠᠷ ᠲᠣᠭᠣᠷᠢᠭ ᠤᠨ ᠣᠶᠢᠯᠠᠯᠭ᠎ᠠ ︵1991—2005 ᠣᠨ︶》 ᠶᠢ ᠮᠣᠩᠭᠤᠯ ᠢᠶᠠᠷ ᠬᠡᠪᠯᠡᠭᠦᠯᠬᠦ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠪᠡ᠃