ᠵᠤᠬᠢᠶᠠᠭᠴᠢ:
ᠴᠠᠭ:2021-06-30
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ ᠤᠨ ᠳᠡᠳ᠋ ᠹᠦ᠋ ᠷᠦᠩ ᠳ᠋ᠣᠺᠲ᠋ᠣᠷ ᠡᠧᠡᠩᠬᠢ ᠬᠣᠰᠢᠭᠤᠨ ᠳᠤ ᠬᠦᠷᠴᠦ ᠮᠣᠩᠭᠤᠯ ᠣᠶᠢᠯᠠᠯᠭ᠎ᠠ ᠶᠢᠨ ᠠᠵᠢᠯ ᠢ ᠵᠢᠯᠤᠭᠤᠳᠪᠠ

2021ᠣᠨ ᠤ 6 ᠳ᠋ᠤᠭᠠᠷ ᠰᠠᠷ᠎ᠠ ᠶᠢᠨ 29 ᠦ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ ᠤᠨ ᠳᠡᠳ᠋ ᠹᠦ᠋ ᠷᠦᠩ ᠳ᠋ᠣᠺᠲ᠋ᠣᠷ᠂ ᠬᠥᠯᠥᠨ ᠪᠣᠶᠢᠷ ᠬᠣᠲᠠ ᠶᠢᠨ ᠨᠠᠮ ᠤᠨ ᠬᠣᠷᠢᠶᠠᠨ ᠤ ᠠᠯᠪᠠᠨ ᠭᠡᠷ ᠦᠨ ᠣᠶᠢᠯᠠᠯᠭ᠎ᠠ ᠶᠢᠨ ᠬᠠᠮᠢᠶᠠᠷᠤᠯᠲᠠ ᠶᠢᠨ ᠳᠠᠷᠤᠭ᠎ᠠ ᠰᠠᠷᠠᠨᠭᠡᠷᠡᠯ ᠡᠸᠠᠩᠬᠢ ᠬᠣᠰᠢᠭᠤᠨ ᠤ ᠳᠠᠩᠰᠠ ᠡᠪᠬᠡᠮᠡᠯ ᠣᠶᠢᠯᠠᠯᠭ᠎ᠠ ᠶᠢᠨ ᠳᠤ ᠬᠦᠷᠴᠦ ᠮᠣᠩᠭᠤᠯ ᠣᠶᠢᠯᠠᠯᠭ᠎ᠠ ᠶᠢ ᠨᠠᠶᠢᠷᠠᠭᠤᠯᠤᠨ ᠣᠷᠴᠢᠭᠤᠯᠵᠤ ᠬᠡᠪᠯᠡᠭᠦᠯᠬᠦ ᠠᠵᠢᠯ ᠢ ᠵᠢᠯᠤᠭᠤᠳᠪᠠ᠃
ᠳᠠᠷᠤᠭ᠎ᠠ ᠬᠠᠨ ᠼᠦᠨ ᠫᠢᠩ ᠮᠣᠩᠭᠤᠯ 《ᠡᠸᠠᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠣᠶᠢᠯᠠᠯᠭ᠎ᠠ》 ︵ᠨᠢᠭᠡᠳᠦᠭᠡᠷ ᠂ ᠬᠣᠶᠠᠳᠤᠭᠠᠷ ︶ ᠶᠢ ᠨᠠᠶᠢᠷᠠᠭᠤᠯᠤᠨ ᠣᠷᠴᠢᠭᠤᠯᠵᠤ ᠠᠵᠢᠯ ᠤᠨ ᠪᠠᠶᠢᠳᠠᠯ ᠲᠠᠨᠢᠯᠴᠠᠭᠤᠯᠪᠠ᠃ ᠹᠦ᠋ ᠷᠦᠩ ᠡᠸᠠᠩᠬᠢ ᠬᠣᠰᠢᠭᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠳᠡᠭᠡᠳᠦ ᠂ ᠮᠣᠩᠭᠤᠯ 《ᠡᠸᠠᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠣᠶᠢᠯᠠᠯᠭ᠎ᠠ》 ᠶᠢ ᠣᠷᠴᠢᠭᠤᠯᠤᠭᠰᠠᠨ ᠨᠢ ᠣᠨᠣᠪᠴᠢᠲᠠᠢ᠂ ᠦᠭᠡ ᠬᠡᠯᠡᠯᠭᠡ ᠨᠢ ᠨᠡᠶᠢᠴᠡᠪᠦᠷᠢᠲᠡᠢ᠂ ᠣᠷᠣᠨ ᠨᠤᠲᠤᠭ ᠤᠨ ᠣᠨᠴᠠᠯᠢᠭ ᠨᠢ ᠢᠯᠡ ᠲᠣᠳᠣ ᠪᠠᠶᠢᠵᠤ᠂ ᠣᠶᠢᠯᠠᠯᠭ᠎ᠠ ᠶᠢᠨ ᠨᠣᠣᠷᠠᠭ ᠪᠣᠯᠵᠡᠢ ᠃ ᠰᠠᠷᠠᠨᠭᠡᠷᠡᠯ ᠵᠢᠭᠠᠬᠤ ᠳᠤ ᠪᠠᠨ᠂ ᠡᠸᠠᠩᠬᠢ ᠰᠤᠮᠤ ᠰᠢᠶᠠᠩ ᠪᠠᠯᠭᠠᠰᠤᠨ ᠤ ᠣᠶᠢᠯᠠᠯᠭ᠎ᠠ ᠨᠠᠶᠢᠷᠠᠭᠤᠯᠬᠤ ᠠᠵᠢᠯ ᠢ ᠡᠷᠴᠢᠮ ᠲᠠᠢ ᠦᠷᠨᠢᠭᠦᠯᠵᠦ᠂ ᠪᠦᠬᠦ ᠬᠣᠲᠠ ᠶᠢᠨ ᠲᠡᠷᠢᠭᠦᠨ ᠳᠦ ᠶᠠᠪᠤᠵᠤ ᠪᠤᠢ᠃ ᠡᠸᠠᠩᠬᠢ ᠬᠣᠰᠢᠭᠤ ᠦᠷᠭᠦᠯᠵᠢᠯᠡᠨ ᠬᠦᠴᠢᠷ ᠢ ᠂ ᠣᠶᠢᠯᠠᠯᠭ᠎ᠠ ᠶᠢᠨ ᠠᠵᠢᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠷᠮᠠᠶᠢᠵᠤ᠂ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠴᠢᠨᠠᠷ ᠬᠦᠭᠵᠢᠯᠲᠡ ᠶᠢ ᠬᠠᠮᠲᠤ ᠳᠤ ᠪᠠᠨ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠯᠡ᠃