ᠵᠤᠬᠢᠶᠠᠭᠴᠢ:
ᠴᠠᠭ:2021-07-09
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ
ᠾᠧ ᠪᠢᠶᠤᠤ ᠨᠥᠬᠥᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠪᠥᠬᠥ ᠨᠠᠮ ᠤᠨ ᠭᠡᠰᠢᠭᠦᠨ ᠺᠠᠳ᠋ᠷ ᠲᠤ ᠲᠤᠰᠬᠠᠶ ᠰᠡᠳᠦᠪᠲᠦ ᠨᠠᠮ ᠤᠨ ᠬᠢᠴᠢᠶᠡᠯ
ᠾᠧ ᠪᠢᠶᠤᠤ ᠨᠥᠬᠥᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠦᠨ ᠪᠥᠬᠥ ᠨᠠᠮ ᠤᠨ ᠭᠡᠰᠢᠭᠦᠨ ᠺᠠᠳ᠋ᠷ ᠲᠤ ᠲᠤᠰᠬᠠᠶ ᠰᠡᠳᠦᠪᠲᠦ ᠨᠠᠮ ᠤᠨ ᠬᠢᠴᠢᠶᠡᠯ
ᠪᠥᠬᠥ ᠨᠠᠮ ᠤᠨ ᠭᠡᠰᠢᠭᠦᠨ ᠺᠠᠳ᠋ᠷ ᠤᠨ ᠲᠡᠦᠬᠡ ᠰᠤᠷᠤᠯᠴᠠᠵᠤ ᠶᠣᠰᠣ ᠤᠴᠢᠷ ᠢ ᠂ ᠲᠡᠦᠬᠡ ᠰᠤᠷᠤᠯᠴᠠᠵᠤ ᠨᠡᠮᠡᠭᠳᠡᠭᠦᠯᠬᠦ ᠂ ᠲᠡᠦᠬᠡ ᠰᠤᠷᠤᠯᠴᠠᠵᠤ ᠶᠣᠰᠣ ᠢ ᠡᠷᠬᠢᠮᠯᠡᠬᠦ ᠂ ᠲᠡᠦᠬᠡ ᠰᠤᠷᠤᠯᠴᠠᠵᠤ ᠦᠶᠯᠡᠳᠦᠯᠭᠡᠵᠢᠭᠦᠯᠬᠦ ᠶᠢ ᠬᠥᠲᠥᠯᠥᠨ ᠵᠢᠯᠣᠭᠣᠳᠬᠤ ᠶᠢᠨ ᠲᠥᠯᠥᠭᠡ ᠂ 2021 ᠣᠨ ᠤ 7 ᠰᠠᠷ᠎ᠠ ᠶᠢᠨ 2 ᠤᠨ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠲᠠᠰᠤᠭ ᠤᠨ ᠨᠠᠮ ᠤᠨ ᠡᠭᠦᠷ ᠨᠠᠮ ᠤᠨ ᠲᠡᠦᠬᠡ ᠶᠢᠨ ᠬᠥᠮᠦᠵᠢᠯ ᠦᠨ ᠬᠠᠮᠲᠤ ᠶᠢᠨ ᠰᠤᠷᠤᠯᠴᠠᠯᠭ᠎ᠠ ᠥᠷᠨᠢᠭᠦᠯᠵᠦ ᠂ ᠨᠠᠮ ᠤᠨ ᠡᠭᠦᠷ ᠦᠨ ᠱᠦᠵᠢ ᠾᠧ ᠪᠢᠶᠤᠤ 《 ᠠᠷᠠᠳ ᠲᠦᠮᠡᠨ ᠢᠶᠡᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ 》 ᠭᠡᠬᠦ ᠭᠤᠤᠯ ᠰᠡᠳᠦᠪ ᠢᠶᠡᠷ ᠪᠥᠬᠥ ᠨᠠᠮ ᠤᠨ ᠭᠡᠰᠢᠭᠦᠨ ᠺᠠᠳ᠋ᠷ ᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ ᠂ ᠨᠠᠮ ᠤᠨ ᠡᠭᠦᠷ ᠦᠨ ᠳᠡᠳ᠋ ᠱᠦᠵᠢ ᠮᠸᠩ ᠰᠢᠸ ᠹᠠᠩ ᠵᠢᠴᠢ ᠪᠥᠬᠥ ᠨᠠᠮ ᠤᠨ ᠭᠡᠰᠢᠭᠦᠨ ᠺᠠᠳ᠋ᠷ ᠡᠨᠡ ᠤᠳᠠᠭ᠎ᠠ ᠶᠢᠨ ᠨᠠᠮ ᠤᠨ ᠬᠢᠴᠢᠶᠡᠯ ᠳᠦ ᠣᠷᠣᠯᠴᠠᠪᠠ᠃

ᠬᠤᠷᠠᠯ ᠳᠡᠭᠡᠷ᠎ᠡ ᠾᠧ ᠪᠢᠶᠤᠤ ᠵᠢᠭᠠᠵᠤ ᠭᠠᠷᠭᠠᠭᠰᠠᠨ ᠨᠢ ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠦᠨ ᠣᠶ ᠮᠥᠨ ᠂ ᠨᠠᠮ ᠤᠨ ᠵᠠᠭᠤᠨ ᠵᠢᠯ ᠦᠨ ᠲᠡᠦᠬᠡ ᠪᠣᠯ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠦᠭᠰᠡᠨ ᠲᠡᠦᠬᠡ ᠮᠥᠨ ᠂ ᠠᠷᠠᠳ ᠲᠦᠮᠡᠨ ᠲᠡᠶ ᠰᠡᠳᠬᠢᠯ ᠵᠢᠷᠦᠬᠡ ᠪᠡᠨ ᠬᠣᠯᠪᠣᠨ ᠂ ᠰᠠᠨᠠᠭ᠎ᠠ ᠪᠣᠳᠣᠯ ᠢᠶᠠᠨ ᠨᠢᠭᠡᠳᠬᠡᠵᠦ ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠲᠡᠦᠬᠡ ᠮᠥᠨ ᠂ ᠪᠢᠳᠡ ᠵᠠᠭᠤᠨ ᠵᠢᠯ ᠦᠨ ᠨᠠᠮ ᠤᠨ ᠲᠡᠦᠬᠡ ᠡᠴᠡ ᠪᠥᠬᠥ ᠰᠡᠳᠬᠢᠯ ᠪᠥᠬᠥ ᠵᠣᠷᠢᠭ ᠢᠶᠠᠷ ᠢᠶᠠᠨ ᠠᠷᠠᠳ ᠲᠦᠮᠡᠨ ᠳᠦ ᠦᠶᠯᠡᠴᠢᠯᠡᠬᠦ ᠬᠦᠴᠦᠨ ᠢ ᠲᠠᠰᠤᠷᠠᠯᠲᠠ ᠥᠬᠡᠶ ᠰᠢᠩᠭᠡᠭᠡᠨ ᠠᠪᠴᠤ ᠂ ᠠᠷᠠᠳ ᠲᠦᠮᠡᠨ ᠢᠶᠡᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠣᠳᠠᠲᠠᠶ ᠠᠵᠢᠯ ᠳᠠᠭᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃
ᠾᠧ ᠪᠢᠶᠤᠤ ᠲᠦᠷᠪᠡᠨ ᠲᠠᠯ᠎ᠠ ᠶᠢᠨ ᠠᠭᠤᠯᠭ᠎ᠠ ᠶᠢ ᠲᠠᠶᠢᠯᠪᠤᠷᠢᠯᠠᠪᠠ᠃