ᠵᠤᠬᠢᠶᠠᠭᠴᠢ:
ᠴᠠᠭ:2021-07-13
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠢᠯᠠᠯᠭ᠎ᠠ ᠶᠢᠨ ᠰᠤᠳᠤᠯᠤᠯ ᠤᠨ ᠲᠠᠰᠤᠭ
ᠡᠸᠠᠩᠬᠢ ᠬᠣᠰᠢᠭᠤᠨ ᠤ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠰᠠᠩ ᠣᠷᠣᠨ ᠨᠤᠲᠤᠭ ᠤᠨ ᠣᠶᠢᠯᠠᠯᠭ᠎ᠠ ᠣᠨ ᠤ ᠣᠶᠢᠯᠠᠪᠤᠷᠢ ᠶᠢᠨ ᠠᠵᠢᠯ ᠦᠨ ᠡᠷᠬᠢᠯᠡᠪᠡ
ᠡᠸᠡᠩᠬᠢ ᠬᠣᠰᠢᠭᠤᠨ ᠤ ᠣᠷᠣᠨ ᠨᠤᠲᠤᠭ ᠤᠨ ᠣᠶᠢᠯᠠᠯᠭ᠎ᠠ ᠣᠨ ᠤ ᠣᠶᠢᠯᠠᠪᠤᠷᠢ ᠶᠢᠨ ᠠᠵᠢᠯ ᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠨᠤᠲᠤᠭ ᠤᠨ ᠣᠢᠯᠠᠯᠭ᠎ᠠ ᠶᠢᠨ ᠠᠵᠤ ᠠᠬᠤᠶ ᠨᠡᠶᠢᠭᠡᠮ ᠦᠨ ᠬᠥᠭᠵᠢᠯᠲᠡ ᠳᠠᠬᠢ ᠦᠶᠯᠡᠳᠦᠯ ᠢ ᠪᠠᠳᠠᠷᠠᠭᠤᠯᠤᠨ᠂ ᠡᠸᠡᠩᠬᠢ ᠬᠣᠰᠢᠭᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠶᠢᠯᠠᠯᠭ᠎ᠠ᠂ ᠣᠨ ᠤ ᠶᠡᠷᠦᠩᠬᠡᠶᠢᠯᠡᠭᠰᠡᠨ ᠣᠶᠢᠯᠠᠪᠤᠷᠢ ᠶᠢ ᠨᠠᠶᠢᠷᠠᠭᠤᠯᠬᠤ ᠶᠠᠰᠤ ᠴᠢᠨᠠᠷ ᠢ ᠪᠥᠬᠥ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ 2021 ᠣᠨ ᠤ 7 ᠳ᠋ᠤᠭᠠᠷ ᠰᠠᠷ᠎ᠠ ᠶᠢᠨ 12 ᠤᠨ ᠡᠳᠦᠷ᠂ ᠡᠸᠡᠩᠬᠢ ᠬᠣᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠨᠢ ᠣᠷᠣᠨ ᠨᠤᠲᠤᠭ ᠤᠨ ᠣᠶᠢᠯᠠᠯᠭ᠎ᠠ᠂ ᠣᠨ ᠤ ᠣᠶᠢᠯᠠᠪᠤᠷᠢ ᠶᠢᠨ ᠲᠤᠬᠠᠶᠢᠯᠠᠭᠰᠠᠨ ᠠᠵᠢᠯ ᠦᠨ ᠪᠣᠯᠪᠠᠰᠤᠷᠠᠭᠤᠯᠤᠯ ᠡᠷᠭᠢᠯᠡᠪᠡ᠃ ᠬᠥᠯᠥᠨ ᠪᠣᠶᠢᠷ ᠬᠣᠲᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠤᠯ ᠤᠨ ᠲᠠᠰᠤᠭ ᠤᠨ ᠳ᠋ᠦ᠋ ᠴᠦᠨ ᠫᠧᠩ ᠵᠡᠷᠭᠡ ᠬᠣᠶᠠᠷ ᠪᠠᠭᠰᠢ ᠶᠢ ᠤᠷᠢᠵᠤ ᠣᠷᠣᠨ ᠨᠤᠲᠤᠭ ᠤᠨ ᠣᠶᠢᠯᠠᠯᠭ᠎ᠠ᠂ ᠣᠨ ᠤ ᠣᠶᠢᠯᠠᠪᠤᠷᠢ ᠶᠢᠨ ᠲᠤᠬᠠᠶᠢᠯᠠᠭᠰᠠᠨ ᠠᠵᠢᠯ ᠦᠨ ᠲᠤᠬᠠᠢ ᠲᠠᠢᠯᠪᠤᠷᠢᠯᠠᠨ ᠶᠠᠷᠢᠪᠠ᠃ ᠡᠯ᠎ᠡ ᠰᠤᠮᠤ ᠰᠢᠶᠠᠩ ᠪᠠᠯᠭᠠᠰᠤ᠂ ᠬᠣᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠥᠶ ᠨᠢᠭᠡᠴᠡ ᠶᠢᠨ ᠣᠨ ᠤ ᠣᠶᠢᠯᠠᠪᠤᠷᠢ ᠶᠢᠨ ᠡᠬᠡ ᠪᠢᠴᠢᠭ ᠬᠠᠩᠭᠠᠭᠴᠢ ᠪᠠ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠠᠵᠢᠯᠲᠠᠳ 100 ᠰᠢᠬᠠᠮ ᠬᠦᠮᠦᠰ ᠪᠣᠯᠪᠠᠰᠤᠷᠠᠭᠤᠯᠤᠯ ᠳᠤ ᠣᠷᠣᠯᠴᠠᠪᠠ᠃

ᠬᠥᠯᠥᠨ ᠪᠣᠶᠢᠷ ᠬᠣᠲᠠ ᠶᠢᠨ ᠨᠠᠮ ᠤᠨ ᠬᠣᠷᠢᠶᠠᠨ ᠤ ᠠᠯᠪᠠᠨ ᠬᠡᠷ ᠦᠨ ᠲᠡᠦᠬᠡ ᠣᠶᠢᠯᠠᠯᠭ᠎ᠠ ᠶᠢᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠰᠠᠷᠠᠨᠭᠡᠷᠡᠯ ᠵᠢᠴᠢ ᠡᠸᠡᠩᠬᠢ ᠬᠣᠰᠢᠭᠤᠨ ᠤ ᠬᠠᠮᠢᠶ᠎ᠠ ᠪᠥᠬᠥᠶ ᠤᠳᠤᠷᠢᠳᠤᠯᠭ᠎ᠠ ᠪᠣᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠪᠠ᠃ ᠡᠸᠡᠩᠬᠢ ᠬᠣᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠤᠨ ᠳᠠᠷᠤᠭ᠎ᠠ ᠬᠠᠨ ᠼᠦᠨ ᠫᠢᠩ ᠶᠠᠷᠢᠶ᠎ᠠ ᠲᠠᠯᠪᠢᠵᠤ᠂ ᠰᠠᠩ ᠤᠨ ᠳᠡᠳ᠋ ᠳᠠᠷᠤᠭ᠎ᠠ ᠵᠧᠩ ᠸᠸᠨ ᠯᠢ ᠡᠷᠭᠢᠯᠡᠪᠡ᠃
ᠪᠣᠯᠪᠠᠰᠤᠷᠠᠭᠤᠯᠤᠯ ᠳᠡᠭᠡᠷ᠎ᠡ᠂ ᠬᠢᠴᠢᠶᠡᠯᠯᠡᠭᠴᠢ ᠪᠠᠭᠰᠢ ᠣᠷᠣᠨ ᠨᠤᠲᠤᠭ ᠤᠨ ᠣᠶᠢᠯᠠᠯᠭ᠎ᠠ᠂ ᠣᠨ ᠤ ᠣᠶᠢᠯᠠᠪᠤᠷᠢ ᠶᠢᠨ ᠰᠢᠨᠵᠢ ᠴᠢᠨᠠᠷ᠂ ᠲᠥᠷᠥᠯ ᠢᠯᠭᠠᠯ᠂ ᠬᠡᠪ ᠲᠢᠭ᠂ ᠪᠢᠴᠢᠯᠭᠡ ᠶᠢᠨ ᠵᠢᠷᠤᠮᠵᠢᠯ ᠵᠡᠷᠭᠡ ᠠᠭᠤᠯᠭ᠎ᠠ ᠶᠢᠨ ᠲᠣᠭᠣᠷᠢᠨ ᠳᠤ ᠪᠣᠳᠠᠲᠠᠶ ᠲᠠᠢᠯᠪᠦᠷᠢᠯᠠᠨ ᠶᠠᠷᠢᠵᠤ᠂ ᠪᠣᠯᠪᠠᠰᠤᠷᠠᠭᠤᠯᠤᠯ ᠦᠨ ᠠᠭᠤᠯᠭ᠎ᠠ ᠨᠢ ᠭᠦᠨᠵᠡᠭᠡᠶ ᠪᠥᠭᠡᠳ ᠣᠶᠢᠯᠠᠭᠠᠮᠵᠢᠲᠠᠶ᠂ ᠣᠶᠢᠯᠠᠭᠠᠬᠤ ᠳᠤ ᠲᠥᠬᠥᠮ᠂ ᠵᠦᠢᠯ ᠵᠤᠷᠪᠤᠰ ᠲᠣᠳᠣᠷᠬᠠᠶ᠂ ᠵᠢᠯᠣᠭᠣᠳᠬᠤ ᠴᠢᠨᠠᠷ ᠪᠠ ᠬᠡᠷᠡᠭᠯᠡᠭᠡᠨ ᠦ ᠴᠢᠨᠠᠷ ᠢᠶᠠᠷ ᠨᠡᠯᠢᠶᠡᠳ ᠴᠢᠩᠭ᠎ᠠ ᠪᠠᠶᠢᠪᠠ᠃
ᠲᠡᠭᠦᠰᠬᠦ ᠦᠶ᠎ᠡ ᠳᠦ᠂ ᠳᠤ ᠣᠷᠣᠯᠴᠠᠭᠰᠠᠳ ᠲᠤ ᠣᠨ ᠤ ᠣᠶᠢᠯᠠᠪᠤᠷᠢ ᠪᠠ ᠬᠣᠰᠢᠭᠤᠨ ᠤ ᠣᠶᠢᠯᠠᠯᠭ᠎ᠠ ᠲᠠᠷᠬᠠᠭᠠᠵᠤ ᠯᠠᠪᠯᠠᠬᠤ ᠮᠠᠲ᠋ᠧᠷᠢᠶᠠᠯ ᠬᠠᠩᠭᠠᠪᠠ᠃